ᠲᠡᠮᠡᠭᠡᠨ ᠰᠣᠶᠣᠯ ᠤᠨ ᠨᠠᠶᠢᠷ    ᠡᠷᠢᠶᠡᠨ ᠬᠤᠲᠠ ᠶᠢᠨ ᠭᠡᠷᠡᠯᠳᠦᠠᠣᠳᠦ ᠰᠣᠮᠣᠨ ᠤ ᠬᠦᠭᠵᠢᠯᠳᠣᠶᠠᠭ᠎ᠠ ᠭᠠᠴᠠᠭᠠᠨ ᠤ ᠲᠡᠮᠡᠭᠡᠨ ᠰᠣᠶᠣᠯ ᠤᠨ ᠨᠠᠶᠢᠷ ᠲᠠᠯ᠎ᠠ ᠨᠤᠲᠤᠭ ᠤᠨ ᠬᠠᠪᠤᠷ ᠤᠨ ᠤᠯᠠᠷᠢᠯ ᠤᠨ ᠷᠢᠳᠢ ᠰᠢᠳᠢ ᠶᠢ ᠭᠦᠢᠴᠡᠳ ᠢᠯᠡᠷᠡᠬᠦᠯᠦᠨ᠎ᠡ︕
ᠨᠡᠶᠢᠲᠡᠯᠡᠭᠰᠡᠨ ᠴᠠᠭ᠄
2023/3/27
      3 ᠰᠠᠷ᠎ᠠ ᠶᠢᠨ 26 ᠤ ᠡᠳᠦᠷ᠂ ᠬᠤᠳᠠ ᠶᠢᠨ ᠭᠡᠷᠡᠯᠳᠦᠠᠣᠳᠦ ᠰᠣᠮᠣᠨ ᠤ ᠬᠦᠭᠵᠢᠯᠳᠣᠶᠠᠭ᠎ᠠ ᠭᠠᠴᠠᠭ᠎ᠠ᠂ ᠬᠤᠳᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠪᠣᠯᠤᠨ ᠤᠰᠤᠨ ᠤ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ︽ᠨᠠᠮ ᠤᠨ ᠬᠤᠷᠢᠳᠤᠭᠠᠷ ᠶᠡᠭᠡ ᠬᠤᠷᠠᠯ ᠢ ᠰᠤᠷᠤᠯᠴᠠᠵᠤ ᠥᠨᠢ ᠡᠭᠦᠷᠢᠳᠡ ᠨᠠᠮ ᠢᠶᠠᠨ ᠳᠠᠭᠠᠵᠤ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠭᠤᠣᠯ ᠰᠡᠳᠦᠪᠲᠦ ᠲᠡᠮᠡᠭᠡᠨ ᠰᠣᠶᠣᠯ ᠤᠨ ᠨᠠᠶᠢᠷ ᠡᠷᠭᠢᠯᠡᠪᠡ᠃ ᠳᠥᠷᠪᠡᠨ ᠵᠦᠭ ᠨᠠᠢᠮᠠᠨ ᠵᠣᠪᠬᠢᠰ ᠤᠨ ᠮᠠᠯᠴᠢᠳ ᠵᠢᠴᠢ ᠬᠤᠲᠠ ᠶᠢᠨ ᠠᠷᠠᠳ ᠬᠠᠮᠲᠤ ᠪᠠᠷ ᠡᠨᠡ ᠬᠦ ᠲᠠᠯ᠎ᠠ ᠨᠤᠲᠤᠭ ᠤᠨ  ᠴᠤᠭᠯᠠᠭᠠᠨ ᠳᠤ ᠣᠷᠣᠯᠴᠠᠪᠠ᠃
   ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠤᠯᠠᠭᠠᠨᠮᠥ᠋ᠴᠢᠷ ᠤᠨ ᠭᠡᠰᠢᠭᠦᠳ ᠣᠭᠲᠠᠷᠭᠤᠢ ᠪᠠᠷ ᠬᠥᠰᠢᠭᠡ ᠪᠣᠯᠭᠠᠨ᠂ ᠭᠠᠵᠠᠷ ᠳᠡᠯᠡᠬᠡᠢ ᠪᠠᠷ ᠲᠠᠪᠴᠠᠩ ᠪᠣᠯᠭᠠᠵᠤ᠂ ᠮᠠᠯᠴᠢᠨ ᠨᠠᠶᠢᠵᠠ ᠨᠠᠷ ᠲᠠᠢ ᠪᠠᠨ ᠡᠭᠡᠯᠵᠢᠯᠡᠨ ᠦᠨᠳᠦᠰᠦᠲᠡᠨ ᠤ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠲᠡᠮᠡᠭᠡᠨ ᠰᠣᠶᠣᠯ ᠤᠨ ᠨᠠᠶᠢᠷ ᠢ ᠣᠷᠭᠢᠯᠤᠮ᠎ᠠ ᠬᠠᠯᠠᠭᠤᠨ ᠰᠡᠳᠬᠢᠯᠭᠡ ᠲᠠᠢ ᠪᠤᠯᠭᠠᠪᠠ᠃    ᠤᠷᠢᠬᠠᠨ ᠬᠠᠪᠤᠷ ᠤᠨ ᠲᠠᠯ᠎ᠠ ᠨᠤᠲᠤᠭ᠂ ᠠᠭᠲᠠ ᠬᠦᠯᠦᠭ ᠳᠠᠪᠬᠢᠯᠳᠣᠨ᠎ᠠ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠬᠦᠮᠦᠰ ᠲᠡᠮᠡᠭᠡᠨ ᠲᠠᠮᠢᠷᠴᠢᠳ᠂ ᠮᠣᠷᠢᠲᠤ ᠴᠡᠷᠢᠭ ᠤᠨ ᠬᠤᠷᠳᠤᠴᠠ ᠪᠣᠯᠤᠨ ᠣᠷᠭᠢᠯᠤᠮ᠎ᠠ ᠰᠡᠳᠬᠢᠯᠭᠡ ᠶᠢ ᠣᠯᠵᠤ ᠮᠡᠳᠡᠬᠦ ᠪᠠᠷ ᠪᠠᠷᠠᠬᠤ ᠦᠭᠡᠢ᠂ ᠪᠠᠰᠠ ᠪᠥᠬᠡ ᠪᠠᠷᠢᠯᠳᠤᠬᠤ᠂ ᠤᠷᠤᠯᠳᠤᠨ ᠲᠣᠭᠯᠠᠬᠤ᠂ ᠰᠢᠩᠭᠡᠯᠢᠭ ᠬᠢᠬᠦ ᠵᠡᠷᠭᠡ ᠤᠯᠠᠨ ᠬᠡᠯᠪᠡᠷᠢ ᠶᠠᠩᠵᠤ ᠶᠢᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠠᠷᠠᠳ ᠤᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠨᠢᠭᠡ ᠪᠠᠷ ᠵᠠᠯᠭᠠᠵᠤ ᠬᠢᠵᠦ ᠴᠢᠳᠠᠨ᠎ᠠ᠃
   ᠲᠣᠰ ᠤᠳᠠᠭᠠᠨ ᠤ ᠠᠵᠢᠯᠯᠠᠭ᠎ᠠ ᠳᠤ ᠪᠠᠰᠠ ᠭᠠᠷ ᠤᠷᠠᠯᠠᠯ ᠤᠨ ᠪᠦᠲᠦᠭᠡᠭᠳᠡᠬᠦᠨ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠭᠡ ᠭᠠᠷᠭᠠᠵᠤ᠂ ᠦᠨᠳᠦᠰᠦᠲᠡᠨ ᠤ ᠰᠣᠶᠣᠯ ᠤᠨ ᠠᠭᠤᠷ ᠠᠮᠢᠰᠬᠤᠯ ᠲᠠᠢ ᠢᠰᠡᠭᠡᠶ ᠵᠢᠷᠤᠭ᠂ ᠢᠰᠡᠭᠡᠶ ᠪᠠ ᠴᠠᠭᠠᠨ ᠢᠳᠡᠭᠡᠨ ᠢ ᠬᠤᠷᠠᠮᠳᠤᠭᠤᠯᠵᠤ᠂ ᠮᠣᠩᠭᠤᠯ ᠭᠠᠷ ᠤᠷᠠᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠪᠠ ᠰᠣᠶᠣᠯ ᠤᠨ ᠰᠠᠭᠤᠷᠢ ᠵᠢᠴᠢ ᠮᠠᠯᠴᠢᠨ ᠲᠠᠷᠢᠶᠠᠴᠢᠨ ᠤ ᠴᠡᠴᠡᠭᠯᠡᠨ ᠬᠥᠭᠵᠢᠵᠦ ᠪᠠᠶᠢᠭ᠎ᠠ ᠰᠣᠶᠣᠯ ᠤᠨ ᠠᠮᠢᠳᠤᠷᠠᠯ ᠢ ᠳᠡᠯᠭᠡᠨ ᠦᠵᠡᠭᠦᠯᠪᠡ᠃    ᠮᠠᠯᠴᠢᠨ ᠴᠣᠭᠲᠣ᠄ ︽ᠲᠣᠰ ᠤᠳᠠᠭᠠᠨ ᠤ ᠲᠡᠮᠡᠭᠡᠨ ᠤ ᠰᠣᠶᠣᠯ ᠤᠨ ᠨᠠᠶᠢᠷ ᠢ ᠮᠠᠰᠢ ᠰᠠᠶᠢᠨ ᠶᠠᠪᠤᠭᠳᠠᠪᠠ᠂ ᠮᠠᠰᠢ ᠣᠯᠠᠨ ᠤᠷᠤᠯᠳᠤᠭᠠᠨ ᠤ ᠵᠦᠢᠯ ᠪᠠᠶᠢᠨ᠎ᠠ᠂ ᠲᠠᠯ᠎ᠠ ᠨᠤᠲᠤᠭ ᠡᠨᠡ ᠵᠢᠯ ᠬᠤᠷ᠎ᠠ ᠪᠣᠷᠣᠭᠠᠨ ᠲᠡᠭᠰᠢ᠂ ᠮᠠᠯ ᠰᠦᠷᠦᠭ ᠦᠨᠢᠷ ᠲᠦᠪᠰᠢᠨ ᠪᠠᠶᠢᠬᠤ ᠶᠢ ᠬᠦᠰᠡᠵᠦ ᠪᠠᠶᠢᠨ᠎ᠠ︾ ᠭᠡᠪᠡ᠃
   ᠲᠤᠰ ᠤᠳᠠᠭᠠᠨ ᠤ ᠰᠣᠶᠣᠯ ᠤᠨ ᠨᠠᠶᠢᠷ ᠤᠨ ᠭᠤᠣᠯ ᠦᠵᠡᠮᠣᠷᠢ ᠪᠣᠯᠣᠭᠰᠠᠨ ᠭᠤᠪᠢ ᠶᠢᠨ ᠣᠩᠭᠤᠴᠠ ᠲᠡᠮᠡᠭᠡ ᠨᠢ ᠬᠥᠮᠦᠰ ᠤᠨ ᠠᠩᠬᠠᠷᠤᠯ ᠢ ᠬᠠᠮᠤᠭ ᠠᠴᠠ ᠲᠠᠲᠠᠵᠤ᠂ ᠬᠥᠮᠦᠰ ᠲᠡᠮᠡᠭᠡ ᠲᠠᠢ ᠬᠠᠮᠲᠤ ᠭᠡᠷᠡᠯ ᠵᠢᠷᠤᠭ ᠦᠯᠡᠳᠡᠭᠡᠵᠦ᠂ ᠡᠨᠡ ᠬᠦ  ᠰᠠᠶᠢᠬᠠᠨ ᠠᠭᠰᠢᠨ ᠢ ᠲᠡᠮᠳᠡᠭᠯᠡᠵᠦ ᠪᠠᠶᠢᠪᠠ᠃ ᠳᠤᠰ ᠤᠳᠠᠭᠠᠨ ᠤ ᠲᠡᠮᠡᠭᠡᠨ ᠤ ᠤᠷᠤᠯᠳᠤᠭᠠᠨ ᠨᠢ ᠮᠠᠨ ᠤ ᠬᠤᠳᠠ ᠶᠢᠨ ᠮᠠᠯᠴᠢᠳ ᠤᠷᠤᠯᠴᠠᠭᠰᠠᠨ ᠮᠦᠷᠳᠡᠬᠡᠨ ᠪᠠᠶᠠᠨᠨᠠᠭᠤᠷ ᠬᠤᠳᠠ᠂ ᠠᠯᠠᠱᠠ ᠠᠶᠢᠮᠠᠭ᠂ ᠵᠡᠬᠦᠨ ᠬᠤᠰᠢᠭᠤ ᠵᠡᠷᠬᠡ ᠭᠠᠵᠠᠷ ᠤᠨ ᠮᠠᠯᠴᠢᠳ ᠤᠨ ᠬᠦᠷᠦᠯᠴᠡᠨ ᠢᠷᠡᠵᠦ ᠲᠠᠯ᠎ᠠ ᠨᠤᠲᠤᠭ ᠤᠨ ᠰᠣᠶᠣᠯ ᠤᠨ ᠷᠢᠳᠢ ᠰᠢᠳᠢ ᠶᠢ ᠨᠡᠩ ᠭᠦᠢᠴᠡᠳ ᠮᠡᠳᠡᠷᠡᠭᠦᠯᠪᠡ᠃
      ᠡᠨᠡ ᠤᠳᠠᠭᠠᠨ ᠤ ᠰᠣᠶᠣᠯ ᠤᠨ ᠨᠠᠶᠢᠷ ᠨᠢ ᠲᠡᠮᠡᠭᠡᠨ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ ᠪᠠᠳᠠᠷᠠᠭᠤᠯᠵᠤ᠂ ᠲᠡᠮᠡᠭᠡᠨ ᠤ ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠵᠤ᠂ ᠮᠠᠨ ᠤ ᠳᠤᠮᠳᠠᠳᠤ ᠶᠢᠨ ᠦᠨᠳᠦᠰᠦᠲᠡᠨ ᠤ ᠰᠢᠯᠢᠳᠡᠭ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠰᠤᠮᠤ ᠪᠠᠰᠠ ᠣᠯᠠᠨ ᠶᠠᠩᠵᠤ ᠬᠡᠯᠪᠡᠷᠢ ᠶᠢᠨ ᠠᠵᠢᠯᠯᠠᠭ᠎ᠠ ᠥᠷᠨᠢᠭᠦᠯᠵᠦ᠂ ᠮᠠᠯᠴᠢᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ ᠣᠯᠠᠨ ᠲᠦᠮᠡᠨ ᠤ ᠢᠳᠡᠪᠬᠢᠵᠢᠯ ᠢ ᠬᠥᠭᠵᠢᠭᠡᠵᠦ᠂ ᠦᠢᠯᠡᠳᠪᠦᠷᠢᠯᠡᠯ ᠠᠮᠢᠳᠤᠷᠠᠯ ᠳᠤ ᠨᠠᠩ ᠰᠠᠶᠢᠲᠤᠷ ᠣᠷᠣᠯᠴᠠᠭᠤᠯᠤᠨ᠎ᠠ᠃    ᠰᠣᠶᠣᠯ ᠤᠨ ᠨᠠᠶᠢᠷ ᠤᠨ ᠬᠤᠭᠤᠴᠠᠭᠠᠨ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠳᠣᠯᠠᠳᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠨᠠᠷᠢᠨ ᠨᠢᠮᠪᠠᠶ ᠪᠠᠶᠢᠷᠢᠯᠠᠭᠤᠯᠵᠤ᠂ ᠨᠠᠷᠢᠨ ᠨᠢᠮᠪᠠᠶ ᠳᠣᠭᠢᠷᠠᠭᠤᠯᠤᠨ᠂ ᠠᠵᠢᠯᠯᠠᠭ᠎ᠠ ᠶᠢᠨ ᠬᠤᠭᠤᠴᠠᠭᠠᠨ ᠳᠠᠬᠢ ᠵᠠᠮ ᠬᠠᠷᠢᠯᠴᠠᠭ᠎ᠠ᠂ ᠠᠮᠤᠷ ᠲᠦᠪᠰᠢᠨ ᠢ ᠬᠠᠮᠠᠭᠠᠯᠠᠬᠤ ᠵᠡᠷᠭᠡ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤᠷ ᠲᠦᠪᠰᠢᠨ᠂ ᠰᠠᠭᠠᠳ ᠥᠬᠡᠶ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号