ᠰᠠᠶᠢᠬᠤᠰᠦ ᠨᠢᠰᠬᠡᠯ ᠤᠨ ᠪᠠᠭᠤᠳᠠᠯ 2023 ᠣᠨ ᠤ ᠵᠤᠨ ᠤ ᠣᠯᠠᠷᠢᠯ ᠤᠨ ᠠᠭᠠᠷ ᠤᠨ ᠠᠶᠠᠯᠠᠯ ᠤᠨ ᠱᠣᠭᠤᠮ ᠢ ᠡᠬᠢᠯᠡᠬᠦᠯᠬᠦ ᠪᠣᠯᠪᠠ
ᠨᠡᠶᠢᠲᠡᠯᠡᠭᠰᠡᠨ ᠴᠠᠭ᠄
2023/3/28
    3 ᠰᠠᠷ᠎ᠠ ᠶᠢᠨ 26 ᠤ ᠡᠳᠦᠷ᠂ ᠰᠠᠶᠢᠬᠤᠰᠦ ᠨᠢᠰᠬᠡᠯ ᠤᠨ ᠪᠠᠭᠤᠳᠠᠯ 2023 ᠣᠨ ᠤ ᠵᠤᠨ ᠤ ᠣᠯᠠᠷᠢᠯ ᠤᠨ ᠠᠭᠠᠷ ᠤᠨ ᠠᠶᠠᠯᠠᠯ ᠤᠨ ᠱᠣᠭᠤᠮ ᠤᠨ ᠡᠭᠡᠯᠵᠢ ᠶᠢ ᠡᠬᠢᠯᠡᠭᠦᠯᠬᠦ ᠪᠠᠷ ᠲᠥᠯᠥᠪᠯᠡᠵᠦ ᠡᠬᠢᠯᠡᠪᠡ᠃ ᠲᠤᠰ ᠠᠭᠠᠷ ᠤᠨ ᠠᠶᠠᠯᠠᠯ ᠤᠨ ᠤᠯᠠᠷᠢᠯ 10 ᠰᠠᠷ᠎ᠠ ᠶᠢᠨ 28 ᠤ ᠡᠳᠦᠷ ᠪᠣᠯᠲᠠᠯ᠎ᠠ ᠦᠷᠬᠦᠯᠵᠢᠯᠡᠵᠦ᠂ ᠨᠠᠶᠢᠳᠠ 217 ᠡᠳᠦᠷ᠃    ᠡᠨᠡ ᠵᠢᠯ ᠤᠨ ᠵᠤᠨ ᠤ ᠠᠶᠠᠯᠠᠯ ᠤᠨ ᠤᠯᠠᠷᠢᠯ ᠤᠨ ᠬᠤᠭᠤᠴᠠᠭᠠᠨ ᠳᠤ᠂ ᠰᠠᠶᠢᠬᠤᠰᠦ ᠨᠢᠰᠬᠡᠯ ᠤᠨ ᠪᠠᠭᠤᠳᠠᠯ ᠨᠢ 7 ᠡᠵᠡᠩᠨᠡᠯᠲᠡ ᠶᠢᠨ ᠠᠶᠠᠯᠠᠯ ᠤᠨ ᠱᠤᠭᠤᠮ ᠨᠡᠪᠲᠡᠷᠡᠭᠦᠯᠵᠦ᠂ ᠲᠤᠰ ᠲᠤᠰ ᠪᠡᠭᠡᠵᠢᠩ᠂ ᠲᠢᠶᠠᠨᠵᠢᠨ᠂ ᠴᠧᠩᠳᠦ᠋᠂ ᠢᠷᠭᠠᠢ᠂ ᠬᠥᠬᠡᠬᠤᠲᠠ᠂ ᠪᠤᠭᠤᠲᠤ᠂ ᠲᠦᠩᠯᠢᠶᠣᠤ᠂ ᠤᠯᠠᠭᠠᠨᠬᠠᠳᠠ᠂ ᠮᠠᠨᠵᠤᠤᠷ᠂ ᠰᠢᠯᠢᠩᠬᠤᠲᠠ ᠵᠡᠷᠭᠡ 10 ᠬᠤᠲᠠ ᠪᠠᠷ ᠠᠶᠠᠯᠠᠵᠤ᠂ ᠨᠢᠰᠬᠡᠯ ᠤᠨ ᠪᠠᠭᠤᠳᠠᠯ ᠤᠨ ᠣᠷᠭᠢᠯ ᠦᠶ᠎ᠡ ᠳᠤ 3 ᠨᠢᠰᠭᠡᠯ ᠢ ᠬᠠᠮᠲᠤ ᠳᠤᠨᠢ ᠠᠵᠢᠯᠯᠠᠭᠤᠯᠵᠦ᠂ ᠠᠶᠠᠯᠠᠯ ᠤᠨ ᠡᠭᠡᠯᠵᠢ ᠶᠢᠨ ᠨᠢᠰᠬᠡᠯ ᠤᠨ ᠬᠡᠮᠵᠢᠶ᠎ᠡ ᠶᠢ 114 ᠣᠳᠠᠭ᠎ᠠ ᠪᠣᠯᠭᠠᠨ᠎ᠠ᠃    ᠣᠷᠣᠨ ᠤ ᠭᠠᠳᠠᠨᠠᠬᠢ ᠠᠭᠠᠷ ᠤᠨ ᠠᠶᠠᠯᠠᠯ ᠤᠨ ᠱᠤᠭᠤᠮ ᠤᠨ ᠲᠠᠯ᠎ᠠ ᠪᠠᠷ᠂ ᠳᠤᠮᠳᠠᠳᠤ ᠤᠯᠤᠰ ᠤᠨ ᠬᠠᠮᠲᠤᠷᠠᠭᠰᠠᠨ ᠠᠭᠠᠷ ᠤᠨ ᠠᠶᠠᠯᠠᠯ ᠤᠨ ᠪᠥᠸᠧ ᠶᠢᠨ B738 ᠨᠢᠰᠬᠡᠯ ᠤᠨ ᠬᠡᠯᠪᠡᠷᠢ ᠶᠢᠨ ᠡᠷᠢᠶᠡᠨ  — ᠪᠡᠭᠡᠵᠢᠩ ᠤᠨ ᠡᠭᠡᠯᠵᠢ ᠶᠢᠨ ᠨᠢᠰᠬᠡᠯ ᠢ ᠡᠳᠦᠷ ᠪᠦᠷᠢ ᠳᠣᠬᠢᠷᠠᠭᠤᠯᠵᠦ᠂ ᠴᠢᠩᠳᠣᠣ ᠶᠢᠨ ᠠᠭᠠᠷ ᠤᠨ A320 ᠨᠢᠰᠬᠡᠯ ᠤᠨ ᠬᠤᠯᠪᠣᠭᠠᠯᠠᠭᠰᠠᠨ ᠡᠷᠢᠶᠡᠨ  — ᠴᠧᠩᠳᠦ᠋ ᠶᠢᠨ ᠡᠭᠡᠯᠵᠢ ᠶᠢᠨ ᠠᠶᠠᠨᠴᠢᠳ ᠤᠨ ᠨᠢᠰᠬᠡᠯ ᠢ ᠭᠠᠷᠠᠭ ᠪᠦᠷᠢ ᠶᠢᠨ ᠨᠢᠭᠡᠨ᠂ ᠭᠤᠷᠪᠠᠨ᠂ ᠳᠠᠪᠣᠨ ᠪᠠ  ᠭᠠᠷᠠᠭ ᠤᠨ ᠡᠳᠦᠷ ᠨᠢᠰᠦᠯᠳᠠ ᠳᠤ ᠬᠡᠷᠡᠭᠵᠢᠭᠦᠯᠦᠨ᠎ᠡ︔ ᠴᠢᠩᠳᠣᠣ ᠶᠢᠨ ᠠᠭᠠᠷ ᠤᠨ A320 ᠨᠢᠰᠬᠡᠯ ᠤᠨ ᠬᠡᠯᠪᠡᠷᠢ ᠶᠢᠨ ᠡᠷᠢᠶᠡᠨ  — ᠢᠷᠭᠠᠢ ᠶᠢᠨ ᠡᠭᠡᠯᠵᠢ ᠶᠢᠨ ᠠᠶᠠᠨᠴᠢᠳ ᠤᠨ ᠨᠢᠰᠬᠡᠯ ᠢ ᠭᠠᠷᠠᠭ ᠪᠦᠷᠢ ᠶᠢᠨ  ᠨᠢᠭᠡᠨ᠂ ᠭᠤᠷᠪᠠᠨ᠂ ᠳᠠᠪᠣᠨ  ᠪᠠ  ᠭᠠᠷᠠᠭ ᠤᠨ ᠡᠳᠦᠷ ᠨᠢᠰᠦᠯᠳᠠ  ᠳᠤ ᠬᠡᠷᠡᠭᠵᠢᠭᠦᠯᠦᠨ᠎ᠡ᠃    ᠣᠷᠣᠨ ᠤ ᠳᠣᠲᠣᠷᠠᠬᠢ ᠠᠭᠠᠷ ᠤᠨ ᠠᠶᠠᠯᠠᠯ ᠤᠨ ᠱᠤᠭᠤᠮ ᠤᠨ ᠲᠠᠯ᠎ᠠ ᠪᠠᠷ᠂ ᠬᠥᠬᠡᠬᠤᠲᠠ᠂ ᠰᠢᠯᠢᠩᠬᠤᠲᠠ ᠶᠢᠨ ᠠᠭᠠᠷ ᠤᠨ ᠠᠶᠠᠯᠠᠯ ᠤᠨ ᠱᠤᠭᠤᠮ ᠢ ᠲᠣᠭᠲᠠᠭᠤᠨ ᠢᠶᠠᠷ ᠲᠡᠭᠡᠭᠡᠪᠦᠷᠢᠯᠡᠭᠰᠡᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ CRJ 900 ᠨᠢᠰᠬᠡᠯ ᠤᠨ ᠬᠡᠯᠪᠡᠷᠢ ᠶᠢᠨ ᠡᠷᠢᠶᠡᠨ — ᠮᠠᠨᠵᠤᠤᠷ ᠤᠨ ᠠᠭᠠᠷ ᠠᠶᠠᠯᠠᠯ ᠤᠨ ᠱᠤᠭᠤᠮ ᠢ ᠨᠡᠪᠲᠡᠷᠡᠭᠦᠯᠵᠦ᠂ ᠭᠠᠷᠠᠭ ᠪᠦᠷᠢ ᠶᠢᠨ ᠨᠢᠭᠡᠨ᠂ ᠭᠤᠷᠪᠠᠨ᠂ ᠳᠠᠪᠣᠨ ᠪᠠ ᠭᠠᠷᠠᠭ ᠤᠨ ᠡᠳᠦᠷ ᠨᠢᠰᠦᠯᠳᠠ ᠳᠤ ᠬᠡᠷᠡᠭᠵᠢᠭᠦᠯᠵᠦ᠂ ᠬᠤᠸᠠ ᠰᠢᠶᠠ ᠠᠭᠠᠷ ᠤᠨ ᠠᠶᠠᠯᠠᠯ ᠤᠨ GCRJ900 ᠨᠢᠰᠬᠡᠯ ᠤᠨ ᠬᠡᠯᠪᠡᠷᠢ ᠶᠢᠨ ᠡᠷᠢᠶᠡᠨ— ᠪᠤᠭᠤᠲᠤ ᠶᠢᠨ ᠠᠶᠠᠯᠠᠯ ᠤᠨ ᠱᠤᠭᠤᠮ ᠢ ᠨᠡᠪᠳᠡᠷᠡᠬᠦᠯᠵᠦ᠂ ᠭᠠᠷᠠᠭ ᠪᠦᠷᠢ ᠶᠢᠨ ᠨᠢᠭᠡᠨ᠂ ᠭᠤᠷᠪᠠᠨ᠂ ᠳᠠᠪᠣᠨ ᠪᠠ ᠭᠠᠷᠠᠭ ᠤᠨ ᠡᠳᠦᠷ  ᠨᠢᠰᠦᠯᠳᠠ ᠳᠤ  ᠬᠡᠷᠡᠭᠵᠢᠬᠦᠯᠵᠦ᠂ ᠰᠠᠶᠢᠬᠤᠰᠦ ᠨᠢᠰᠬᠡᠯ ᠤᠨ ᠪᠠᠭᠤᠳᠠᠯ ᠨᠢ ᠠᠩᠬ᠎ᠠ ᠤᠳᠠᠭ᠎ᠠ ︽ᠪᠤᠭᠤᠲᠤ︾ ᠶᠢᠨ ᠠᠭᠠᠷ ᠤᠨ ᠠᠶᠠᠯᠠᠯ ᠤᠨ ᠵᠠᠩᠭᠢᠯᠠᠭ᠎ᠠ ᠶᠢᠨ ᠭᠤᠭᠴᠤᠭ᠎ᠠ ᠪᠣᠯᠣᠭᠰᠠᠨ ᠪᠠᠶᠢᠨ᠎ᠠ᠃    ᠡᠷᠢᠶᠡᠨ ᠬᠤᠲᠠ ᠶᠢᠨ ᠰᠠᠶᠢᠬᠤᠰᠦ ᠨᠢᠰᠬᠡᠯ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠬᠤ᠋ ᠰᠢᠤᠢ ᠮᠢᠩ᠄ ︽ᠡᠷᠢᠶᠡᠨ ᠬᠤᠲᠠ ᠶᠢᠨ ᠨᠢᠰᠬᠡᠯ ᠤᠨ ᠪᠠᠭᠤᠳᠠᠯ ᠨᠢ ᠪᠡᠭᠡᠵᠢᠩ᠂ ᠬᠥᠬᠡᠬᠤᠲᠠ᠂ ᠰᠢᠯᠢᠩᠬᠤᠲᠠ ᠶᠢᠨ ᠰᠠᠭᠤᠷᠢ ᠠᠭᠠᠷ ᠤᠨ ᠠᠶᠠᠯᠠᠯ ᠤᠨ ᠲᠣᠤᠷ ᠢ ᠲᠣᠭᠲᠠᠭᠤᠨ ᠢᠶᠠᠷ ᠠᠵᠢᠯᠯᠠᠭᠤᠯᠬᠤ ᠶᠢᠨ ᠬᠠᠮᠲᠤ᠂ ᠡᠷᠢᠶᠡᠨ ᠬᠤᠲᠠ ᠠᠴᠠ ᠴᠧᠩᠳᠦ᠋ ᠬᠦᠷᠬᠦ᠂ ᠢᠷᠭᠠᠢ ᠬᠦᠷᠬᠦ᠂ ᠪᠤᠭᠤᠲᠤ᠂ ᠮᠠᠨᠵᠤᠤᠷ ᠵᠡᠷᠭᠡ ᠴᠢᠭᠯᠡᠯᠳᠦ ᠡᠭᠡᠯᠵᠢ ᠶᠢᠨ ᠨᠢᠰᠬᠡᠯ ᠢ ᠰᠢᠨ᠎ᠡ ᠪᠠᠷ ᠨᠡᠪᠳᠡᠷᠡᠬᠦᠯᠪᠡ᠃ ᠨᠢᠰᠬᠡᠯ ᠤᠨ ᠪᠠᠭᠤᠳᠠᠯ ᠤᠨ ᠠᠶᠠᠯᠠᠯ ᠤᠨ ᠱᠤᠭᠤᠮ ᠤᠨ ᠰᠦᠯᠵᠢᠶ᠎ᠡ ᠨᠢ ︿ᠪᠡᠭᠡᠵᠢᠩ ᠲᠢᠶᠠᠨᠵᠢᠨ ᠾᠧᠪᠧᠶ᠂ ᠴᠧᠩᠳᠦ᠋ ᠴᠦᠩᠴᠢᠩ᠂ ᠬᠥᠬᠡᠬᠤᠲᠠ ᠪᠤᠭᠤᠲᠤ ᠣᠷᠳᠣᠰ﹀ ᠵᠡᠷᠭᠡ ᠠᠵᠤ ᠠᠬᠤᠶ ᠶᠢᠨ ᠬᠦᠷᠢᠶ᠎ᠡ ᠶᠢ ᠪᠦᠲᠦᠮᠵᠢᠲᠡᠶ ᠪᠦᠷᠬᠦᠵᠦ᠂ 10 ᠬᠤᠲᠠ ᠶᠢ ᠬᠠᠮᠤᠷᠴᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠶᠢ ᠬᠠᠩᠭᠠᠵᠤ᠂ ᠬᠤᠲᠠ ᠶᠢᠨ ᠰᠢᠭᠤᠳ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠨᠢᠰᠬᠡᠯ ᠤᠨ ᠪᠠᠭᠤᠳᠠᠯ ᠤᠨ ᠺᠣᠮᠫᠠᠨᠢ ᠪᠠᠰᠠ ᠤᠯᠠᠷᠢᠯ ᠤᠨ ᠡᠭᠡᠯᠵᠢ ᠶᠢᠨ ᠨᠢᠰᠬᠡᠯ ᠤᠨ ᠡᠵᠡᠩᠨᠡᠯᠲᠡ ᠪᠠ ᠠᠶᠠᠨᠴᠢᠳ ᠤᠨ ᠶᠠᠪᠤᠵᠤ ᠰᠠᠭᠤᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠨ᠎ᠡ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号