ᠬᠡᠳᠦᠨ ᠡᠳᠦᠷ ᠤᠨ ᠳᠣᠷᠰᠢ᠂ ᠥᠪᠥᠷ ᠮᠣᠩᠭᠤᠯ ᠤᠨ ᠲᠦᠷᠭᠡᠨ ᠤ ᠵᠠᠰᠠᠮᠠᠯ ᠵᠠᠮ ᠤᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠠᠴᠠ ᠬᠠᠮᠢᠶᠠᠷᠴᠤ᠂ ᠥᠪᠥᠷ ᠮᠣᠩᠭᠤᠯ ᠤᠨ ᠯᠦ ᠴᠢᠶᠣᠤ ᠪᠦᠯᠦᠭᠯᠡᠯ ᠪᠣᠯᠤᠨ ᠳᠤᠮᠳᠠᠳᠤ | ᠤᠯᠤᠰ ᠤᠨ ᠵᠠᠮ ᠬᠠᠷᠢᠯᠴᠠᠭᠠᠨ ᠤ ᠨᠢᠭᠡᠳᠦᠭᠡᠷ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ | ᠬᠡᠰᠡᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠭᠡᠨ ᠪᠠᠢᠭᠤᠯᠬᠤ ᠲᠥᠷᠥᠯ ᠵᠦᠢᠯ ᠢ ᠱᠠᠯᠠᠪᠳᠠᠨ ᠪᠠᠶᠢᠭᠤᠯᠵᠦ᠂ | ᠡᠨᠡ ᠵᠢᠯ ᠤᠨ 6 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠴᠤ ᠲᠡᠷᠭᠡ ᠨᠡᠪᠲᠡᠷᠡᠨ᠎ᠡ᠃ | | | | | | | | ᠡᠷᠢᠶᠡᠨ - ᠭᠤᠸᠠᠩᠵᠸᠦ ᠲᠦᠷᠭᠡᠨ ᠤ ᠵᠠᠰᠠᠮᠠᠯ ᠵᠠᠮ ᠤᠨ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ | ᠬᠡᠰᠡᠭ ᠤᠨ ᠵᠠᠰᠠᠮᠠᠯ ᠵᠠᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠪᠣᠯ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠬᠤ ᠪᠥᠭᠡᠳ ᠡᠷᠢᠶᠡᠨ ᠠᠴᠠ | ᠭᠤᠸᠠᠩᠵᠧᠦ ᠬᠦᠷᠬᠦ ᠳᠡᠭᠡᠳᠦ ᠬᠤᠷᠳᠤ ᠶᠢᠨ ᠵᠠᠰᠠᠮᠠᠯ ᠵᠠᠮ ᠤᠨ ᠬᠠᠮᠤᠭ ᠰᠡᠭᠦᠯᠴᠢ ᠶᠢᠨ ᠬᠡᠰᠡᠭ ᠪᠣᠯᠤᠨ᠎ᠠ᠃ | ᠡᠭᠦᠨ ᠳᠤ ᠨᠢᠭᠡᠨ ᠬᠡᠰᠡᠭ ᠨᠢ 99.5 ᠺᠢᠯᠣᠮᠧᠲᠷ ᠣᠷᠳᠣ ᠪᠠᠶᠢᠭᠰᠠᠨ ᠤᠤᠯ ᠤᠨ 208 ᠤᠯᠤᠰ ᠤᠨ ᠵᠠᠮ ᠤᠨ | ᠨᠢᠭᠡᠳᠦᠭᠡᠷ ᠲᠠᠰ ᠤᠨ ᠵᠠᠰᠠᠮᠠᠯ ᠵᠠᠮ ᠢ ᠥᠷᠭᠡᠳᠬᠡᠨ ᠪᠠᠶᠢᠭᠤᠯᠤᠭᠠᠳ ᠤᠭᠰᠠᠷᠠᠭᠰᠠᠨ ᠪᠥᠭᠡᠳ ᠬᠤᠶᠠᠳᠤᠭᠠᠷ ᠳᠡᠰ ᠤᠨ | ᠵᠠᠰᠠᠮᠠᠯ ᠵᠠᠮ ᠤᠨ ᠪᠠᠷᠢᠮᠵᠢᠶᠠᠲᠤ ᠲᠤᠰᠠᠯᠠᠬᠤ ᠵᠠᠮ ᠢ 113 ᠺᠢᠯᠣᠮᠧᠲᠷ ᠰᠢᠨ᠎ᠡ ᠪᠠᠷ ᠪᠠᠶᠢᠭᠤᠯᠵᠤ᠂ ᠶᠡᠷᠦᠩᠬᠡᠶ ᠪᠠᠯᠠ | ᠣᠷᠣᠭᠤᠯᠤᠯᠲᠠ ᠨᠢ 25.77 ᠳ᠋ᠦᠩᠰᠢᠭᠤᠷ ᠲᠥᠭᠦᠷᠢᠭ ᠲᠤ ᠬᠦᠷᠴᠡᠶ᠃ ᠲᠣᠰ ᠲᠥᠷᠥᠯ ᠵᠦᠢᠯ ᠢ 2020 ᠣᠨ ᠤ | 5 ᠰᠠᠷ᠎ᠠ ᠳᠤ ᠡᠬᠢᠯᠡᠨ ᠪᠠᠶᠢᠭᠤᠯᠵᠤ᠂ ᠪᠥᠬᠦ ᠱᠤᠭᠤᠮ ᠨᠢ ᠬᠤᠤᠰ ᠴᠢᠭᠯᠡᠯ ᠤᠨ ᠳᠥᠷᠪᠡᠨ ᠲᠡᠷᠭᠡᠨ ᠵᠠᠮ ᠤᠨ ᠳᠡᠭᠡᠳᠦ | ᠬᠤᠷᠳᠤᠴᠠᠲᠤ ᠵᠠᠰᠠᠮᠠᠯ ᠵᠠᠮ ᠤᠨ ᠪᠠᠷᠢᠮᠵᠢᠶ᠎ᠠ ᠪᠠᠷ ᠪᠠᠶᠢᠭᠤᠯᠵᠤ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ | 120 ᠺᠢᠯᠣᠮᠧᠲᠷ᠃ | ᠲᠣᠰ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠪᠣᠬᠢᠷᠲᠤᠯ ᠥᠬᠡᠶ ᠪᠠᠷᠢᠯᠭ᠎ᠠ ᠪᠠᠷᠢᠬᠤ | ᠣᠨᠣᠯᠵᠢᠬᠤᠨ ᠢ ᠪᠠᠷᠢᠮᠲᠠᠯᠠᠵᠤ᠂ ᠬᠠᠭᠤᠴᠢᠨ ᠵᠠᠮ ᠤᠨ ᠬᠤᠪᠢᠯᠵᠤ ᠮᠠᠯᠲᠠᠭᠰᠠᠨ ᠮᠠᠲ᠋ᠧᠷᠢᠶᠠᠯ ᠢ ᠠᠰᠢᠭᠯᠠᠨ ᠯᠢᠴᠢᠩ | ᠢᠯᠴᠢ ᠳᠠᠬᠢᠨ ᠪᠣᠶ ᠪᠣᠯᠭᠠᠬᠤ᠂ ᠤᠰᠤ ᠶᠢ ᠲᠣᠭᠲᠠᠭᠤᠨ ᠪᠠᠶᠢᠯᠭᠠᠨ ᠳᠠᠬᠢᠨ ᠦᠢᠯᠡᠳᠪᠦᠷᠢᠯᠡᠬᠦ ᠤᠷ᠎ᠠ ᠮᠡᠷᠭᠡᠵᠢᠯ ᠢ | ᠬᠢᠵᠦ᠂ ᠲᠡᠷᠭᠡ ᠨᠡᠪᠲᠡᠷᠡᠬᠦ ᠶᠢᠨ ᠳᠠᠭᠠᠤ ᠪᠠᠷᠢᠯᠭ᠎ᠠ ᠶᠢᠨ ᠠᠵᠢᠯ ᠤᠨ ᠠᠮᠤᠷ ᠲᠦᠪᠰᠢᠨ ᠤ ᠳᠠᠯᠳᠠ ᠬᠡᠮ ᠤᠨ ᠠᠰᠢᠭ | ᠥᠬᠡᠶ ᠨᠥᠯᠥᠭᠡ ᠶᠢ ᠢᠯᠡᠨ ᠳᠠᠪᠠᠵᠤ᠂ ᠬᠥᠮᠦᠨ ᠤ ᠬᠦᠴᠦᠨ᠂ ᠪᠣᠳᠠᠰ ᠤᠨ ᠬᠦᠴᠦᠨ ᠤ ᠣᠷᠣᠭᠤᠯᠤᠯᠲᠠ ᠶᠢ | ᠦᠷᠭᠦᠯᠵᠢᠯᠡᠨ ᠨᠡᠮᠡᠭᠳᠡᠭᠦᠯᠦᠨ᠂ ᠲᠤᠰᠬᠠᠶ ᠮᠡᠷᠭᠡᠵᠢᠯ᠂ ᠬᠤᠷᠴᠠ ᠭᠠᠪᠰᠢᠭᠠᠶ᠂ ᠲᠤᠷᠰᠢᠯᠭ᠎ᠠ ᠪᠠᠷ ᠪᠠᠶᠠᠯᠢᠭ ᠪᠠᠷᠢᠯᠭ᠎ᠠ | ᠪᠠᠷᠢᠬᠤ ᠡᠩᠨᠡᠭᠡ ᠪᠠ ᠲᠤᠰᠬᠠᠶᠢᠵᠢᠭᠰᠠᠨ ᠪᠠᠷᠢᠯᠭ᠎ᠠ ᠪᠠᠷᠢᠬᠤ ᠲᠥᠬᠦᠭᠡᠷᠦᠮᠵᠢ ᠶᠢ ᠰᠣᠩᠭᠤᠨ ᠬᠡᠷᠡᠭᠯᠡᠵᠦ᠂ ᠪᠠᠷᠢᠯᠭ᠎ᠠ | ᠪᠠᠷᠢᠬᠤ ᠶᠠᠰᠤ ᠴᠢᠨᠠᠷ ᠤᠨ ᠬᠠᠮᠢᠶᠠᠷᠤᠯᠲᠠ ᠪᠠ ᠶᠠᠪᠤᠴᠠ ᠶᠢᠨ ᠡᠵᠡᠮᠳᠡᠯ ᠢ ᠴᠢᠩᠭᠠᠳᠬᠠᠨ᠂ ᠪᠥᠲᠥᠭᠡᠨ | ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢᠨ ᠳᠣᠯᠠᠳᠠ᠂ ᠪᠠᠷᠢᠯᠭ᠎ᠠ ᠶᠢᠨ | ᠲᠠᠯ᠎ᠠ ᠶᠢᠨ ᠬᠢᠨ ᠣᠶᠢᠷ᠎ᠠ ᠶᠢᠨ ᠬᠤᠭᠤᠴᠠᠭᠠᠨ ᠤ ᠵᠢᠷᠤᠭ ᠲᠥᠯᠥᠪᠯᠡᠭᠡ ᠶᠢᠨ ᠲᠥᠰᠦᠯ ᠢᠶᠠᠨ ᠰᠢᠯᠢᠳᠡᠭᠵᠢᠭᠦᠯᠵᠦ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠪᠠᠨ ᠵᠣᠬᠢᠰᠲᠠᠶ ᠲᠣᠬᠢᠷᠠᠭᠤᠯᠵᠤ᠂ 14km ᠵᠠᠮ ᠤᠨ | ᠬᠠᠮᠠᠭᠠᠯᠠᠯᠲᠠ ᠶᠢᠨ ᠬᠡᠷᠡᠰᠬᠡ ᠶᠢ ᠬᠦᠴᠦᠨ ᠦᠭᠡᠢ ᠪᠣᠯᠭᠠᠵᠤ᠂ 5km ᠳᠣᠯᠭᠢᠶᠠᠨ ᠬᠡᠯᠪᠡᠷᠢᠲᠦ ᠨᠢᠷᠤᠭᠤᠪᠴᠢ | ᠬᠠᠯᠬᠠᠪᠴᠢ ᠬᠡᠷᠡᠰᠬᠡ ᠶᠢ ᠳᠡᠭᠡᠰᠦᠨ ᠬᠠᠯᠬᠠᠪᠴᠢ ᠪᠣᠯᠭᠠᠨ ᠲᠣᠬᠢᠷᠠᠭᠤᠯᠵᠤ᠂ ᠵᠠᠮ ᠤᠨ ᠡᠯᠡᠰᠦ ᠴᠠᠰᠦ ᠬᠤᠷᠠᠭᠰᠠᠨ | ᠪᠠᠶᠢᠳᠠᠯ ᠢ ᠰᠠᠶᠢᠵᠢᠷᠠᠭᠤᠯᠵᠤ᠂ ᠲᠦᠷᠭᠡᠨ ᠳᠠᠪᠬᠢᠬᠤ ᠳᠡᠷᠭᠡᠨ ᠤ ᠠᠮᠤᠷ ᠲᠦᠪᠰᠢᠨ ᠢ ᠪᠠᠳᠣᠯᠠᠪᠠ᠃ ᠣᠳᠣᠬᠠᠨ ᠳᠤ | ᠭᠤᠤᠯ ᠱᠤᠭᠤᠮ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠪᠠᠷᠢᠯᠭ᠎ᠠ ᠨᠢᠭᠡᠨᠲᠡ ᠳᠠᠭᠤᠰᠴᠤ᠂ ᠲᠤᠰᠠᠯᠠᠬᠤ | ᠵᠠᠮ ᠤᠨ ᠪᠠᠷᠢᠯᠭ᠎ᠠ ᠨᠢᠭᠡᠨᠲᠡ 95% ᠶᠢ ᠪᠡᠶᠡᠯᠡᠭᠦᠯᠵᠦ᠂ ᠬᠤᠷᠳᠣᠨ ᠤ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠭᠡᠷ ᠳᠣᠲᠣᠷᠠᠬᠢ ᠵᠠᠰᠠᠵᠤ ᠴᠢᠮᠡᠭᠯᠡᠬᠦ ᠱᠠᠲᠤᠨ ᠳᠤ ᠣᠷᠣᠵᠤ᠂ ᠵᠢᠱᠢᠯᠲᠡ ᠪᠠᠷ ᠡᠨᠡ ᠵᠢᠯ ᠤᠨ 6 | ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦ ᠱᠤᠭᠤᠮ ᠤᠨ ᠠᠵᠢᠯ ᠲᠤᠰᠢᠶᠠᠨ ᠲᠡᠷᠭᠡ ᠨᠡᠪᠲᠡᠷᠡᠭᠦᠯᠦᠨ᠎ᠡ᠃ | |