ᠡᠨᠡ ᠵᠢᠯ ᠤᠨ ᠲᠦᠷᠦᠭᠦᠤ 2 ᠰᠠᠷ᠎ᠠ ᠳᠤ᠂ ᠡᠷᠢᠶᠡᠨ ᠪᠣᠭᠤᠮᠲᠠ ᠶᠢᠨ ᠴᠠᠭᠠᠰᠤᠨ ᠡᠭᠡᠳᠡᠩ ᠤᠨ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠨᠢᠳᠤᠨᠤᠨ ᠤ ᠬᠢ ᠠᠴᠠ ᠨᠡᠮᠡᠭᠳᠡᠪᠡ
ᠨᠡᠶᠢᠲᠡᠯᠡᠭᠰᠡᠨ ᠴᠠᠭ᠄
2023/3/29
     ᠡᠨᠡ ᠵᠢᠯ ᠤᠨ ᠲᠦᠷᠦᠭᠦᠤ 2 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠴᠠᠭᠠᠰᠤᠨ ᠡᠭᠡᠳᠡᠩ 7.5 ᠲᠦᠮᠡᠨ ᠲᠣᠨ ᠳᠤ ᠬᠦᠷᠴᠦ᠂ ᠨᠢᠳᠤᠨᠤᠨ ᠤ ᠪᠥᠬᠦ ᠵᠢᠯ ᠤᠨ ᠭᠠᠳᠠᠭᠠᠳᠤ ᠠᠴᠠ ᠣᠷᠣᠭᠤᠯᠤᠭᠰᠠᠨ  ᠠᠳᠠᠯᠢ ᠬᠤᠭᠤᠴᠠᠭᠠᠨ ᠤ ᠬᠡᠮᠵᠢᠶ᠎ᠡ ᠠᠴᠠ 602.74% ᠪᠠᠷ ᠨᠡᠮᠡᠭᠳᠡᠪᠡ᠃    ᠬᠢᠵᠢᠭ ᠤᠨ ᠳᠠᠷᠠᠭᠠᠬᠢ ᠴᠠᠭ ᠦᠶ᠎ᠡ ᠳᠤ ᠪᠥᠮᠪᠥᠷᠴᠡᠭ ᠤᠨ ᠠᠵᠤ ᠠᠬᠤᠶ ᠢᠳᠡᠭ ᠢᠳᠡᠭ ᠢᠶᠠᠷ ᠰᠡᠷᠭᠦᠬᠦ ᠶᠢ ᠳᠠᠭᠠᠯᠳᠤᠨ᠂ ᠳᠣᠤᠷᠠᠳᠤ ᠤᠷᠤᠰᠬᠠᠯ ᠤᠨ ᠬᠡᠷᠡᠭᠴᠡᠭᠡ ᠠᠯᠬᠤᠮ ᠠᠯᠬᠤᠮ ᠢᠶᠠᠷ ᠰᠠᠶᠢᠵᠢᠷᠠᠵᠤ᠂ ᠥᠪᠡᠷ ᠤᠨ ᠥᠷᠲᠡᠭ ᠤᠨ ᠨᠡᠮᠡᠭᠳᠡᠯ ᠬᠦᠴᠦᠨ ᠵᠦᠢᠯ ᠪᠠᠭᠤᠷᠠᠵᠤ᠂ ᠵᠠᠯᠭᠠᠮᠵᠢ ᠠᠵᠢᠯ ᠲᠥᠷᠥᠯ ᠰᠡᠷᠭᠦᠭᠡᠯᠲᠡ ᠶᠢᠨ ᠬᠠᠨᠳᠤᠰᠢ ᠲᠠᠢ ᠪᠣᠯᠵᠣ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠴᠠᠭᠠᠰᠤᠨ ᠡᠭᠡᠳᠡᠩ ᠰᠢᠷᠦᠭᠦᠨ ᠳᠡᠭᠡᠭᠰᠢᠯᠡᠬᠦ ᠪᠠᠶᠢᠳᠠᠯ ᠢᠯᠡᠷᠡᠵᠡᠶ᠃    ᠣᠶᠢᠯᠠᠭᠠᠭᠰᠠᠨ ᠢᠶᠠᠷ᠂ ᠣᠳᠣᠬᠠᠨ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠴᠠᠭᠠᠰᠤᠨ ᠡᠭᠡᠳᠡᠩ ᠪᠦᠬᠦᠨ ᠳᠤ ︽ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ + ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾ ᠵᠠᠭᠪᠤᠷ ᠢ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠪᠣᠭᠤᠮᠲᠠ ᠶᠢᠨ ᠭᠠᠶᠢᠯᠢ ᠶᠢᠨ ᠪᠠᠲᠤᠯᠠᠭ᠎ᠠ ᠬᠠᠩᠭᠠᠬᠤ ᠤᠷᠢᠲᠠᠯ ᠳᠣᠤᠷ᠎ᠠ᠂ ᠵᠥᠪᠬᠡᠨ ᠡᠳ᠋ ᠪᠠᠷᠠᠭ᠎ᠠ ᠳᠤ 9 ᠲᠥᠷᠥᠯ ᠵᠦᠢᠯ ᠢ ᠶᠠᠪᠤᠭᠤᠯᠤᠭᠰᠠᠨ ᠤ ᠳᠠᠷᠠᠭ᠎ᠠ᠂ ᠭᠠᠷᠭᠠᠨ ᠶᠠᠪᠤᠭᠤᠯᠬᠤ ᠶᠢ ᠪᠡᠶᠡᠯᠡᠭᠦᠯᠵᠦ ᠪᠣᠯᠤᠨ᠎ᠠ᠂ ᠳᠠᠷᠠᠭ᠎ᠠ ᠰᠠᠷ᠎ᠠ ᠶᠢᠨ ᠡᠬᠢ ᠪᠠᠷ ᠳᠡᠭᠡᠷ᠎ᠡ ᠰᠠᠷ᠎ᠠ ᠶᠢᠨ ᠡᠳ᠋ ᠪᠠᠷᠠᠭ᠎ᠠ ᠶᠢ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ ᠶᠢ ᠪᠡᠶᠡᠯᠡᠭᠦᠯᠵᠦ ᠪᠣᠯᠤᠨ᠎ᠠ᠂ ᠬᠠᠷᠢᠨ ᠭᠠᠳᠠᠭᠠᠳᠤ ᠠᠴᠠ ᠣᠷᠣᠭᠤᠯᠬᠤ ᠪᠠᠷ ᠮᠡᠳᠡᠭᠦᠯᠦᠭᠰᠡᠨ ᠡᠳ᠋ ᠪᠠᠷᠠᠭ᠎ᠠ ᠶᠢ ᠫᠢᠶᠣᠣ ᠳᠠᠷᠠᠭᠠᠯᠠᠨ ᠭᠠᠶᠢᠯᠢ ᠲᠤᠰᠢᠶᠠᠬᠤ ᠬᠡᠷᠡᠭ ᠦᠭᠡᠢ᠂ ᠪᠣᠭᠤᠮᠲᠠ ᠪᠠᠷ ᠥᠩᠭᠡᠷᠡᠬᠦ ᠬᠦᠴᠦᠨ ᠲᠠᠢ ᠬᠤᠭᠤᠴᠠᠭ᠎ᠠ ᠶᠢ ᠢᠯᠡᠳᠲᠡ ᠳᠡᠭᠡᠭᠰᠢᠯᠡᠬᠦᠯᠪᠡ᠃    ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠵᠠᠩ ᠹᠧᠩ ᠵᠧᠨ ᠬᠡᠯᠡᠭᠰᠡᠨ ᠨᠢ᠄ ︽ᠲᠠᠷᠠᠭᠠᠴᠢ ᠶᠢᠨ ᠠᠯᠬᠤᠮ ᠳᠤ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠠᠬᠢᠭᠤᠯᠬᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠳᠡᠪᠬᠢᠲᠡᠶ ᠨᠠᠶᠢᠳᠠᠪᠤᠷᠢᠵᠢᠭᠤᠯᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠤᠨ ᠲᠣᠭᠲᠠᠭᠤᠨ ᠪᠠᠶᠢᠬᠤ ᠶᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠪᠣᠳᠠᠲᠠᠶ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠠᠬᠢᠭᠤᠯᠵᠤ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠬᠦᠷᠲᠡᠭᠡᠨ᠎ᠡ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号