ᠡᠷᠢᠶᠡᠨ ᠬᠤᠳᠠ ᠶᠢᠨ ᠶᠡᠷᠦᠩᠬᠡᠶᠢᠯᠬᠠᠰᠡᠨ ᠷᠠᠳᠢᠣ᠋ ᠶᠢᠨ ᠰᠤᠷᠪᠤᠯᠵᠢᠯᠠᠭᠴᠢ ᠪᠦᠷᠢᠩᠭᠤᠸ᠎ᠠ ᠶᠢᠨ ᠮᠡᠳᠡᠭᠡᠯᠡᠭᠰᠡᠨ | ᠢᠶᠠᠷ᠄ | | ᠡᠷᠢᠶᠡᠨ ᠪᠣᠭᠤᠮᠲᠠ ᠪᠣᠭᠤᠮᠲᠠ ᠪᠠᠷ ᠥᠩᠭᠡᠷᠡᠬᠦ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ | ᠨᠡᠮᠡᠭᠳᠡᠭᠦᠯᠦᠭᠰᠡᠨ ᠠᠴᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ | ᠬᠡᠮᠵᠢᠶ᠎ᠡ ᠨᠡᠮᠡᠭᠳᠡᠭᠰᠡᠨ | ᠡᠨᠡ ᠵᠢᠯ ᠠᠴᠠ ᠨᠠᠭᠠᠰᠢ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠡᠭᠡᠭᠡᠪᠦᠷᠢ ᠶᠢᠨ ᠬᠡᠮᠵᠢᠶ᠎ᠡ ᠲᠦᠷᠭᠡᠨ ᠨᠡᠮᠡᠭᠳᠡᠭᠰᠡᠨ ᠠᠵᠠ ᠲᠣᠬᠢᠶᠠᠯ ᠢ ᠠᠳᠬᠤᠵᠤ᠂ ︽ | ᠪᠣᠭᠤᠮᠲᠠ ᠪᠠᠷ ᠪᠠᠷᠠᠭ᠎ᠠ ᠲᠠᠸᠠᠷ ᠢ ᠶᠡᠬᠡᠪᠡᠷ ᠦᠩᠭᠡᠷᠡᠭᠦᠯᠬᠦ᠂ ᠪᠣᠳᠠᠲᠠᠢ ᠪᠠᠷ ᠨᠠᠶᠢᠳᠠᠪᠤᠷᠢᠵᠢᠭᠤᠯᠬᠤ︾ ᠶᠢ | ᠠᠩᠬᠠᠷᠴᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠪᠣᠭᠤᠮᠲᠠ ᠪᠠᠷ ᠥᠩᠭᠡᠷᠡᠬᠦ ᠴᠢᠳᠠᠪᠤᠷᠢ ᠪᠠᠨ | ᠳᠡᠭᠡᠭᠰᠢᠯᠡᠭᠦᠯᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠲᠤᠠᠠᠳᠠᠭᠤᠨ ᠨᠡᠮᠡᠭᠳᠡᠵᠠᠢ᠃ | ᠡᠷᠢᠶᠡᠨ ᠪᠣᠭᠤᠮᠲᠠ ᠨᠢ ᠳᠤᠮᠳᠠᠳᠤ ᠮᠣᠩᠭᠤᠯ ᠤᠨ ᠠᠷᠠᠯᠵᠢᠶᠠᠨ ᠤ 70% ᠠᠴᠠ ᠳᠡᠭᠡᠭᠰᠢᠬᠢ ᠡᠳᠦᠷ | ᠲᠤᠲᠤᠮ ᠤᠨ ᠠᠮᠢᠳᠤᠷᠠᠯ ᠤᠨ ᠬᠡᠷᠡᠭᠰᠡᠯ ᠤᠨ ᠬᠠᠭᠤᠷᠠᠢ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠨ᠎ᠠ᠃ | ᠡᠨᠡ ᠵᠢᠯ ᠠᠴᠠ ᠨᠠᠭᠠᠰᠢ ᠂ ᠡᠷᠢᠶᠡᠨ ᠪᠣᠭᠤᠮᠲᠠ ᠪᠠᠷ ᠣᠷᠣᠭᠤᠯᠤᠭᠰᠠᠨ ᠲᠡᠮᠦᠷ ᠤᠨ ᠬᠦᠳᠡᠷ᠂ ᠨᠡᠭᠦᠷᠡᠰᠦ᠂ | ᠵᠡᠰ ᠤᠨ ᠨᠤᠨᠳᠠᠭ ᠨᠡᠮᠡᠭᠳᠡᠬᠦ ᠬᠠᠨᠳᠤᠰᠢ ᠲᠠᠢ ᠪᠠᠶᠢᠵᠦ᠂ ᠭᠠᠳᠠᠭᠠᠳᠤ ᠳᠤ ᠭᠠᠷᠭᠠᠬᠤ ᠪᠠᠷᠠᠭᠠᠨ ᠤ ᠲᠡᠷᠭᠡ᠂ | ᠪᠣᠯᠣᠳ ᠮᠠᠲ᠋ᠧᠷᠢᠶᠠᠯ᠂ ᠠᠭᠤᠷᠬᠠᠢ ᠶᠢᠨ ᠪᠠᠷᠢᠯᠭ᠎ᠠ ᠶᠢᠨ ᠮᠠᠲ᠋ᠧᠷᠢᠶᠠᠯ᠂ ᠢᠳᠡᠭᠡᠨ ᠤ ᠵᠦᠢᠯ ᠤᠨ ᠨᠡᠮᠡᠭᠳᠡᠯ ᠤᠨ | ᠬᠡᠮᠵᠢᠶ᠎ᠡ ᠢᠯᠡᠳᠲᠡ ᠪᠣᠯᠵᠤ᠂ ᠪᠣᠭᠤᠮᠲᠠ ᠶᠢᠨ ᠭᠠᠳᠠᠭᠠᠳᠤ ᠠᠴᠠ ᠤᠷᠤᠭᠤᠯᠵᠦ᠂ ᠭᠠᠳᠠᠭᠠᠳᠤ ᠳᠤ ᠭᠠᠷᠭᠠᠬᠤ | ᠠᠷᠠᠯᠵᠢᠶᠠᠨ ᠤ ᠨᠡᠮᠡᠭᠳᠡᠯ ᠢ ᠠᠬᠢᠭᠤᠯᠵᠠᠢ ᠃ ᠣᠳᠣᠬᠠᠨ ᠳᠤ᠂ ᠵᠠᠰᠠᠮᠠᠯ ᠵᠠᠮ ᠤᠨ ᠪᠣᠭᠤᠮᠲᠠ ᠳᠤᠮᠳᠠᠴᠢ ᠪᠠᠷ | ᠡᠳᠦᠷ ᠪᠦᠷᠢ 260 ᠭᠠᠷᠤᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ | ᠲᠡᠭᠡᠭᠡᠪᠦᠷᠢ ᠶᠢᠨ ᠲᠡᠷᠭᠡ ᠤᠨᠤᠭᠠᠨ ᠤ ᠭᠠᠷ ᠬᠦᠢᠴᠡᠳᠬᠡᠯ ᠢ ᠭᠦᠢᠴᠡᠳᠬᠡᠵᠦ᠂ ᠡᠯ᠎ᠡ ᠵᠦᠢᠯ ᠤᠨ ᠪᠠᠶᠢᠴᠠᠭᠠᠨ | ᠰᠢᠯᠭᠠᠯᠲᠠ ᠶᠢ ᠥᠩᠭᠡᠷᠡᠭᠡᠭᠰᠡᠨ ᠤ ᠳᠠᠷᠠᠭ᠎ᠠ᠂ ᠪᠠᠷᠠᠭᠠᠨ ᠤ ᠲᠡᠷᠭᠡ ᠪᠣᠭᠤᠮᠲᠠ ᠪᠠᠷ ᠰᠢᠭᠤᠷᠬᠠᠢ ᠥᠩᠭᠡᠷᠡᠵᠦ | ᠪᠠᠶᠢᠨ᠎ᠠ᠃ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠪᠦᠷᠢᠳᠬᠡᠯ ᠢ ᠦᠨᠳᠦᠰᠦᠯᠡᠪᠡᠯ᠂ ᠡᠨᠡ | ᠵᠢᠯ ᠤᠨ 2 ᠰᠠᠷ᠎ᠠ ᠶᠢᠨ 26 ᠤ ᠡᠳᠦᠷ ᠪᠣᠯᠲᠠᠯ᠎ᠠ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 282.4 ᠲᠦᠮᠡᠨ ᠲᠣᠨ ᠳᠤ ᠬᠦᠷᠴᠦ᠂ | ᠡᠭᠦᠨ ᠳᠤ᠂ ᠲᠡᠮᠦᠷ ᠵᠠᠮ ᠤᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 265.7 ᠲᠦᠮᠡᠨ ᠲᠣᠨ᠂ ᠵᠠᠰᠠᠮᠠᠯ ᠵᠠᠮ ᠤᠨ ᠪᠣᠭᠤᠮᠲᠠ ᠶᠢᠨ ᠭᠠᠳᠠᠭᠠᠳᠤ | ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 16.6 ᠲᠦᠮᠡᠨ ᠲᠣᠨ᠂ | ᠬᠢᠯᠢ ᠪᠠᠷ ᠤᠷᠤᠵᠦ ᠭᠠᠷᠤᠠᠠᠰᠡᠨ ᠬᠦᠮᠦᠨ ᠤ ᠲᠤᠭ᠎ᠠ 6.7 ᠲᠦᠮᠡᠨ ᠬᠥᠮᠥᠨ ᠳᠤ ᠬᠦᠷᠴᠦ ᠂ 1 ᠳ᠋ᠤᠭᠡᠷ | ᠰᠠᠷ᠎ᠠ ᠳᠤ ᠪᠥᠬᠦ ᠣᠷᠣᠨ ᠤ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠭᠤᠷᠪᠠᠳᠤᠭᠠᠷ ᠲᠤ | ᠵᠢᠠᠠᠰᠬᠠᠳᠠᠵᠠᠢ᠃ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ | ᠨᠡᠮᠡᠭᠳᠡᠵᠦ ᠪᠠᠶᠢᠭ᠎ᠠ ᠪᠠᠶᠢᠳᠠᠯ ᠲᠤᠤᠷ᠎ᠠ᠂ ᠡᠷᠢᠶᠡᠨ ᠪᠣᠭᠤᠮᠲᠠ ᠶᠢᠨ ᠬᠢᠨ ᠤᠯᠠᠨ ᠵᠦᠢᠯ ᠤᠨ ᠠᠷᠭ᠎ᠠ ᠬᠡᠮᠵᠢᠶ᠎ᠡ ᠶᠢ | ᠵᠡᠷᠭᠡᠪᠡᠷ ᠬᠡᠷᠡᠭᠯᠡᠵᠦ ᠂ ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠬᠦᠴᠦᠨ ᠢ ᠪᠠᠲᠤᠯᠠᠵᠠᠢ᠃ ᠵᠠᠰᠠᠮᠠᠯ ᠵᠠᠮ ᠤᠨ | ᠪᠣᠭᠤᠮᠲᠠ ᠶᠢᠨ ᠪᠠᠷᠠᠭᠠᠨ ᠤ ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠵᠠᠭᠪᠤᠷ ᠳᠣᠣᠷ᠎ᠠ᠂ AGV ᠶᠢᠨ | ᠵᠢᠯᠣᠭᠤᠴᠢ ᠦᠭᠡᠢ ᠲᠡᠭᠡᠭᠡᠪᠦᠷᠢ ᠶᠢᠨ ᠵᠠᠭᠪᠤᠷ ᠢ ᠤᠳᠠᠯ ᠦᠭᠡᠢ ᠬᠡᠷᠡᠭᠵᠢᠭᠦᠯᠵᠦ᠂ ᠵᠢᠯᠣᠭᠤᠴᠢ ᠲᠠᠢ ᠂ ᠵᠢᠯᠣᠭᠤᠴᠢ | ᠦᠭᠡᠢ ᠲᠡᠭᠡᠭᠡᠪᠦᠷᠢ ᠶᠢᠨ ᠲᠡᠷᠭᠡ ᠶᠢ ᠵᠡᠷᠭᠡ ᠪᠠᠷ ᠶᠠᠪᠤᠭᠤᠯᠬᠤ ᠂ ᠶᠡᠷᠦᠩᠬᠡᠶᠢᠯᠡᠭᠰᠡᠨ ᠴᠢᠨᠠᠷᠲᠠᠢ ᠨᠡᠪᠲᠡᠷᠡᠬᠦ ᠵᠠᠮ ᠪᠠ | ᠠᠭᠤᠷᠬᠠᠢ ᠶᠢᠨ ᠭᠠᠷᠤᠯᠲᠠ ᠶᠢᠨ ᠲᠤᠰᠬᠠᠢ ᠨᠡᠪᠲᠡᠷᠡᠬᠦ ᠵᠠᠮ ᠢ ᠵᠡᠷᠭᠡ ᠪᠠᠷ ᠶᠠᠪᠤᠭᠤᠯᠬᠤ ᠣᠯᠠᠨ ᠵᠦᠢᠯ ᠤᠨ | ᠪᠣᠭᠤᠮᠲᠠ ᠪᠠᠷ ᠥᠩᠭᠡᠷᠡᠬᠦ ᠵᠠᠭᠪᠤᠷ ᠢ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠣᠶᠤᠨᠴᠢᠯᠠᠯᠲᠠ᠂ | ᠳᠥᠭᠦᠮᠴᠢᠯᠡᠯᠲᠡ ᠶᠢ ᠳᠡᠭᠡᠭᠰᠢᠯᠡᠭᠦᠯᠦᠨ᠂ ᠪᠣᠭᠤᠮᠲᠠ ᠪᠠᠷ ᠪᠠᠷᠠᠭ᠎ᠠ ᠦᠩᠭᠡᠷᠭᠡᠬᠦ ᠬᠡᠪᠴᠢᠶ᠎ᠡ ᠶᠢ ᠦᠷᠭᠡᠳᠬᠡᠬᠦ ᠪᠠᠷ | ᠪᠠᠶᠢᠨ᠎ᠠ᠃ | ᠰᠤᠷᠪᠤᠯᠵᠢᠯᠠᠭ᠎ᠠ ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶᠠᠨ ᠤ ᠪᠣᠭᠤᠮᠲᠠ ᠪᠠᠷ ᠥᠩᠭᠡᠷᠡᠬᠦ ᠶᠢ ᠵᠣᠬᠢᠴᠠᠭᠤᠯᠬᠤ | ᠰᠠᠯᠠᠭᠠᠨ ᠤ ᠬᠠᠷᠢᠭᠤᠴᠠᠯᠭᠠᠲᠠᠨ ᠨᠠᠷᠡᠩᠭᠤᠸᠠ᠄ | ᠪᠣᠭᠤᠮᠲᠠ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠪᠣᠭᠤᠮᠲᠠ ᠪᠠᠷ ᠥᠩᠭᠡᠷᠡᠬᠦ ᠶᠢ ᠪᠠᠲᠤᠯᠠᠬᠤ᠂ | ᠲᠡᠭᠡᠭᠡᠪᠦᠷᠢ ᠶᠢᠨ ᠬᠦᠴᠦᠨ ᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ ᠠᠵᠢᠯ ᠤᠨ ᠰᠠᠭᠤᠷᠢᠨ ᠳᠡᠭᠡᠷ᠎ᠡ᠂ | ᠴᠤᠪᠤᠷᠠᠯ ᠢ ᠳᠥᠭᠦᠮᠴᠢᠯᠡᠨ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠲᠡᠭᠡᠭᠡᠪᠦᠷᠢ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠪᠣᠭᠤᠮᠲᠠ ᠪᠠᠷ ᠤᠷᠤᠭᠤᠯᠵᠦ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ | ᠲᠣᠭᠲᠠᠭᠤᠨ ᠢᠶᠠᠷ ᠨᠡᠮᠡᠭᠳᠡᠭᠦᠯᠦᠨ᠎ᠡ᠃ ᠨᠢᠭᠡ ᠳᠤ ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠳᠤ | ᠣᠯᠠᠨ ᠵᠦᠢᠯ ᠤᠨ ᠪᠣᠭᠤᠮᠲᠠ ᠪᠠᠷ ᠥᠩᠭᠡᠷᠡᠬᠦ ᠲᠡᠭᠡᠭᠡᠪᠦᠷᠢ ᠶᠢᠨ ᠵᠠᠭᠪᠤᠷ ᠢ ᠬᠡᠷᠡᠭᠯᠡᠨ᠎ᠡ᠂ ᠬᠤᠶᠠᠷ ᠲᠤ ᠬᠢᠯᠢ | ᠠᠯᠤᠰᠯᠠᠭᠰᠠᠨ ᠲᠡᠭᠡᠭᠡᠪᠦᠷᠢ ᠶᠢᠨ ᠲᠡᠷᠭᠡ ᠤᠨᠤᠭᠠᠨ ᠤ ᠬᠠᠮᠢᠶᠠᠷᠤᠯᠲᠠ ᠶᠢ ᠴᠢᠩᠭᠠᠳᠬᠠᠨ᠎ᠠ᠂ ᠭᠤᠷᠪᠠ ᠳᠤ ᠶᠡᠭᠡ | ᠬᠡᠮᠵᠢᠶᠡᠨ ᠤ ᠲᠠᠸᠠᠷ ᠤᠨ ᠨᠡᠮᠡᠭᠳᠡᠯ ᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠲᠡᠮᠦᠷ ᠵᠠᠮ ᠤᠨ ᠪᠣᠭᠤᠮᠲᠠ᠂ | ᠵᠠᠰᠠᠮᠠᠯ ᠵᠠᠮ ᠤᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶᠡᠨ ᠤ ᠪᠣᠭᠤᠮᠲᠠ ᠪᠠᠷ ᠥᠩᠭᠡᠷᠡᠬᠦ | ᠦᠢᠯᠡᠴᠢᠯᠡᠭᠡᠨ ᠤ ᠪᠠᠳᠤᠯᠭᠠᠨ ᠤ ᠠᠵᠢᠯ ᠢ ᠰᠠᠶᠢᠲᠤᠷ ᠬᠢᠨ᠎ᠡ᠃ ᠣᠳᠣᠬᠠᠨ ᠳᠤ᠂ ᠪᠣᠭᠤᠮᠲᠠ ᠶᠢᠨ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠲᠣᠭᠲᠠᠭᠤᠨ ᠢᠶᠠᠷ ᠨᠡᠮᠡᠭᠳᠡᠵᠦ᠂ 2022 ᠣᠨ ᠤ ᠠᠳᠠᠯᠢ ᠬᠤᠭᠤᠴᠠᠭᠠᠨ ᠤ ᠠᠴᠠ | ᠡᠳᠦᠷ ᠳᠤᠮᠳᠠᠴᠢ ᠶᠢᠨ 101% ᠬᠦᠷᠴᠡᠢ᠃ | ᠡᠭᠦᠨ ᠤ ᠬᠠᠮᠳᠦ᠂ ᠡᠷᠢᠶᠡᠨ ᠪᠣᠭᠤᠮᠲᠠ ᠨᠢ ᠮᠣᠩᠭᠤᠯ ᠤᠯᠤᠰ ᠤᠨ ᠪᠣᠭᠤᠮᠲᠠ ᠶᠢᠨ ᠰᠠᠯᠠᠭ᠎ᠠ | ᠮᠥᠴᠢᠷ ᠲᠠᠢ ᠬᠠᠷᠢᠯᠴᠠᠭ᠎ᠠ ᠪᠠᠨ ᠴᠢᠩᠭᠠᠳᠬᠠᠵᠤ᠂ ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠤᠨᠤᠭᠠᠨ ᠤ | ᠬᠠᠮᠢᠶᠠᠷᠤᠯᠲᠠ᠂ ᠪᠣᠭᠤᠮᠲᠠ ᠪᠠᠷ ᠥᠩᠭᠡᠷᠡᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ | ᠡᠮᠬᠢ ᠳᠢᠭᠯᠢᠮ ᠢ ᠵᠢᠷᠤᠮᠵᠢᠭᠤᠯᠤᠨ᠂ ᠭᠠᠳᠠᠭᠠᠳᠤ ᠳᠤ ᠬᠤᠯᠪᠣᠭᠳᠠᠬᠤ ᠲᠡᠭᠡᠭᠡᠪᠦᠷᠢ ᠶᠢᠨ ᠲᠡᠷᠭᠡ ᠤᠨᠤᠭ᠎ᠠ ᠶᠢ | ᠴᠡᠭᠴᠡᠯᠡᠨ ᠵᠢᠷᠤᠮᠵᠢᠭᠤᠯᠵᠦ᠂ ᠪᠣᠭᠤᠮᠲᠠ ᠪᠠᠷ ᠥᠩᠭᠡᠷᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠪᠣᠭᠤᠮᠲᠠ ᠶᠢᠨ ᠰᠦᠢᠳᠬᠡᠯ ᠬᠤᠷᠢᠶᠠᠬᠤ ᠲᠥᠷᠥᠯ ᠵᠦᠢᠯ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ | ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠳᠤ ᠪᠣᠭᠤᠮᠲᠠ ᠪᠠᠷ | ᠥᠩᠭᠡᠷᠡᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠵᠤ᠂ ᠪᠣᠭᠤᠮᠲᠠ ᠶᠢᠨ ᠶᠡᠷᠦᠩᠬᠡᠶᠢᠯᠡᠭᠰᠡᠨ | ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ ᠃ ᠲᠡᠮᠦᠷ ᠵᠠᠮ ᠤᠨ ᠲᠡᠷᠭᠡᠨ ᠦᠷᠳᠡᠭᠡᠨ ᠤ ᠪᠠᠷᠠᠭᠠᠨ ᠤ | ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢ ᠱᠠᠩᠨᠠᠬᠤ ᠲᠣᠭᠲᠠᠴᠠ ᠶᠢ ᠪᠠᠶᠢᠭᠤᠯᠵᠤ᠂ ᠠᠵᠢᠯᠲᠠᠨ ᠤ | ᠢᠳᠡᠪᠬᠢᠵᠢᠯ ᠢ ᠬᠥᠭᠵᠢᠭᠡᠨ᠂ ᠠᠵᠢᠯ ᠤᠨ ᠬᠡᠮᠵᠢᠶᠡᠨ ᠤ ᠨᠡᠮᠡᠭᠳᠡᠯ ᠢ ᠠᠬᠢᠭᠤᠯᠵᠤ᠂ ᠲᠡᠮᠦᠷ ᠵᠠᠮ ᠤᠨ ᠪᠣᠭᠤᠮᠲᠠ ᠶᠢᠨ | ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠂ ᠬᠢᠯᠢ ᠶᠢᠨ ᠠᠷᠠᠯᠵᠢᠶᠠᠨ ᠤ ᠲᠡᠭᠡᠭᠡᠪᠦᠷᠢ ᠶᠢ | ᠪᠠᠶᠢᠩᠭᠤᠵᠢᠭᠤᠯᠵᠤ᠂ ᠳᠡᠭᠡᠳᠦ ᠬᠤᠷᠳᠤᠴᠠ ᠪᠠᠷ ᠬᠥᠭᠵᠢᠬᠦ ᠬᠤᠭᠤᠴᠠᠭᠠᠨ ᠳᠤ ᠤᠷᠤᠭᠤᠯᠬᠤ ᠪᠠᠷ ᠪᠠᠶᠢᠨ᠎ᠠ᠃ |