ᠡᠷᠢᠶᠡᠨ  ᠬᠤᠲᠠ  ᠶᠢᠨ ᠳᠣᠲᠣᠭᠠᠳᠤ  ᠶᠢ ᠬᠠᠮᠠᠭᠠᠯᠠᠬᠤ ᠲᠣᠪᠴᠢᠶ᠎ᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠬᠢᠯᠳᠡ  ᠦᠭᠭᠦᠭᠰᠡᠨ
ᠨᠡᠶᠢᠲᠡᠯᠡᠭᠰᠡᠨ ᠴᠠᠭ᠄
2023/3/3
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄ᠡᠷᠢᠶᠡᠨ  ᠬᠤᠲᠠ   ᠶᠢᠨ ᠳᠣᠲᠣᠭᠠᠳᠤ   ᠶᠢ ᠬᠠᠮᠠᠭᠠᠯᠠᠬᠤ ᠲᠣᠪᠴᠢᠶ᠎ᠠ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠬᠢᠯᠳᠡ  ᠦᠭᠭᠦᠭᠰᠡᠨ         ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ  ᠴᠣᠬᠢᠯᠲᠠ ᠥᠭᠴᠦ ᠬᠤᠷᠢᠭᠯᠠᠨ ᠵᠣᠭᠰᠣᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠲᠣᠭᠲᠠᠭᠤᠨ ᠡᠮᠬᠢ ᠵᠢᠷᠤᠮ ᠲᠠᠢ ᠪᠠᠶᠢᠬᠤ ᠶᠢ  ᠬᠠᠮᠠᠭᠠᠯᠠᠬᠤ ᠶᠢᠨ ᠲᠥᠯᠥᠭᠡ᠂  3 ᠰᠠᠷ᠎ᠠ ᠶᠢᠨ 1 ᠤ ᠣᠷᠣᠢ᠂  ᠡᠷᠢᠶᠡᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠨᠢᠭᠡᠳᠦᠯᠲᠡᠢ ᠪᠠᠶᠢᠷᠢᠯᠠᠭᠤᠯᠵᠤ᠂  ᠨᠢᠮᠪᠠᠢ ᠲᠣᠬᠢᠷᠠᠭᠤᠯᠤᠨ᠂ ᠪᠥᠬᠦ ᠬᠤᠲᠠ ᠶᠢᠨ ᠬᠡᠪᠴᠢᠶᠡᠨ ᠳᠤ  ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠤᠬᠢᠯᠳᠡ  ᠦᠭᠬᠦ ᠠᠵᠢᠯᠯᠠᠭ᠎ᠠ ᠦᠷᠨᠢᠭᠦᠯᠪᠡ᠃        ᠲᠤᠬᠠᠢ ᠶᠢᠨ ᠲᠠᠯᠠᠪᠠᠢ ᠳᠤ᠂ ᠴᠠᠭᠳᠠᠭᠠᠨ ᠤ ᠲᠡᠷᠭᠡ ᠶᠢ ᠲᠡᠷᠢ ᠲᠡᠭᠰᠢ ᠵᠢᠭᠰᠠᠭᠠᠵᠤ᠂ ᠪᠦᠬᠦ ᠠᠷᠠᠳ ᠤᠨ ᠴᠬᠠᠳᠠᠭ᠎ᠠ ᠲᠤᠰᠠᠯᠠᠬᠤ ᠴᠠᠭᠳᠠᠭ᠎ᠠ  ᠮᠣᠷᠳᠠᠬᠤ  ᠳᠤ ᠪᠡᠯᠡᠳᠬᠡᠵᠦ  ᠂ ᠵᠠᠷᠯᠢᠭ ᠪᠠᠭᠤᠯᠭᠠᠮᠠᠭᠴᠠ᠂ ᠴᠠᠭᠳᠠᠭᠠᠨ ᠤ ᠳ᠋ᠧᠩ ᠭᠢᠯᠠᠯᠵᠠᠵᠤ᠂ ᠰᠡᠷᠡᠮᠵᠢ ᠶᠢᠨ ᠱᠦᠭᠯᠦ ᠵᠡᠷᠭᠡ ᠪᠠᠷ ᠳᠤᠤᠭᠠᠷᠬᠤ ᠶᠢ ᠳᠠᠭᠠᠯᠳᠤᠨ᠂ ᠣᠯᠠᠨ ᠢᠶᠠᠷ ᠢᠶᠠᠨ ᠦᠳᠲᠡᠷ ᠲᠦᠷᠭᠡᠨ ᠲᠡᠷᠭᠡᠨ ᠳᠤ ᠭᠠᠷᠴᠤ᠂ ᠡᠯ᠎ᠡ ᠲᠣᠭᠲᠠᠭᠰᠠᠨ ᠣᠷᠣᠨ  ᠲᠤᠭᠤᠷᠢᠭ ᠲᠤ  ᠬᠦᠷᠴᠦ᠂ ᠨᠡᠶᠢᠭᠡᠮ ᠤᠨ ᠲᠠᠯ᠎ᠠ ᠶᠢᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃             ᠲᠣᠰ ᠤᠳᠠᠭᠠᠨ ᠤ ᠠᠵᠢᠯᠯᠠᠭ᠎ᠠ ᠳᠤ ᠭᠤᠣᠯᠳᠠᠭᠤ  ᠠᠭᠤᠳᠠᠮ ᠲᠠᠯᠠᠪᠠᠶ᠂ ᠢᠳᠡᠭᠡᠨ ᠤᠮᠳᠠᠭᠠᠨ  ᠤ ᠭᠠᠵᠠᠷ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ ᠵᠡᠷᠭᠡ ᠨᠡᠶᠢᠲᠡ ᠶᠢᠨ ᠲᠠᠯᠠᠪᠤᠷ᠂ ᠰᠤᠷᠭᠠᠭᠤᠯᠢ ᠶᠢᠨ  ᠡᠷᠬᠢᠨ ᠲᠣᠭᠤᠷᠢᠨ ᠵᠢᠴᠢ ᠭᠤᠣᠯᠳᠠᠯᠭ᠎ᠠ ᠲᠠᠢ ᠵᠠᠮ ᠤᠨ  ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠡᠮ ᠰᠣᠭᠤᠭ ᠢ  ᠪᠠᠶᠢᠴᠠᠭᠠᠵᠤ᠂ ᠬᠤᠯᠠᠭᠠᠶᠢᠯᠠᠬᠤ  ᠲᠡᠭᠡᠷᠡᠮᠳᠡᠬᠦ   ᠡᠪᠳᠡᠯᠭᠡ ᠶᠢᠨ ᠠᠵᠢᠯᠯᠠᠭ᠎ᠠ ᠪᠠ ᠠᠮᠤᠷ ᠲᠦᠪᠰᠢᠨ ᠤ ᠠᠳᠡᠯ ᠭᠠᠷᠬᠤ ᠶᠢ  ᠰᠡᠷᠭᠡᠶᠢᠯᠡᠵᠠᠢ  ᠃           ᠲᠤᠰ ᠣᠷᠣᠢ᠂ ᠡᠷᠢᠶᠡᠨ  ᠬᠤᠲᠠ   ᠶᠢᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠭᠤᠣᠯᠳᠠᠯᠭ᠎ᠠ ᠲᠠᠢ ᠵᠠᠮ ᠤᠨ ᠬᠡᠰᠡᠭ ᠲᠤ ᠲᠦᠷ ᠴᠠᠭ ᠤᠨ ᠪᠠᠶᠢᠴᠠᠭᠠᠬᠤ ᠭᠠᠵᠠᠷ ᠭᠠᠷᠭᠠᠵᠤ᠂  ᠨᠠᠭᠠᠰᠢ ᠴᠠᠭᠠᠰᠢ ᠥᠩᠭᠡᠷᠡᠬᠦ ᠲᠡᠷᠭᠡ ᠶᠢ ᠨᠢᠭᠡ ᠨᠢᠭᠡ ᠪᠠᠷ ᠪᠠᠶᠢᠴᠠᠭᠠᠵᠤ᠂ ᠬᠡᠲᠦ ᠲᠦᠷᠭᠡᠨ  ᠠᠶᠠᠯᠠᠬᠤ᠂ ᠬᠥᠮᠥᠨ ᠤ ᠲᠤᠭ᠎ᠠ ᠠᠴᠠ ᠭᠡᠳᠡᠷᠡᠳᠡᠯ᠎ᠡ ᠠᠶᠠᠨᠴᠢᠳ ᠲᠡᠭᠡᠭᠡᠪᠦᠷᠢᠯᠡᠬᠦ᠂  ᠰᠣᠭᠲᠣᠭᠤ ᠪᠠᠷ ᠲᠡᠷᠭᠡ ᠵᠢᠯᠤᠭᠤᠳᠬᠤ᠂  ᠲᠡᠷᠭᠡᠨ ᠨᠤᠮᠧᠷ ᠢᠶᠠᠨ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠠᠮᠤᠷ ᠲᠦᠪᠰᠢᠨ ᠤ ᠪᠦᠰᠡ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ   ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠷᠢᠶᠡᠨ  ᠬᠤᠲᠠ   ᠶᠢᠨ  ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠪᠠᠲᠤᠯᠠᠪᠠ᠃ ᠡᠷᠢᠶᠡᠨ  ᠬᠤᠲᠠ   ᠶᠢᠨ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠢ  ᠪᠠᠶᠢᠴᠠᠭᠠᠬᠤ ᠶᠡᠭᠡ ᠠᠩᠭᠢ ᠬᠡᠰᠡᠭ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ ᠲᠤ ᠭᠦᠨᠵᠡᠭᠡᠶᠢᠷᠡᠨ᠂ ᠲᠠᠯᠠᠪᠤᠷ ᠭᠠᠵᠠᠷ ᠤᠨ ᠠᠵᠢᠯᠲᠠᠨ ᠪᠠ ᠵᠣᠴᠢᠳ ᠲᠤ ᠬᠤᠣᠷ ᠴᠠᠭᠠᠵᠠᠯᠠᠬᠤ ᠮᠡᠳᠡᠯᠭᠡ ᠵᠢᠴᠢ  ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠬᠤᠣᠷᠲᠤ ᠡᠳ᠋ ᠢ  ᠪᠠᠶᠢᠴᠠᠭᠠᠬᠤ ᠠᠵᠢᠯᠯᠠᠭ᠎ᠠ  ᠦᠷᠨᠢᠭᠦᠯᠦᠭᠰᠡᠨ ᠤ ᠬᠠᠮᠲᠤ ᠵᠤᠭ᠎ᠠ ᠴᠡᠩᠭᠡᠯ ᠤᠨ ᠲᠠᠯᠠᠪᠤᠷ ᠤᠨ ᠠᠵᠢᠯᠲᠠᠨ ᠳᠤ  ᠬᠤᠣᠷ ᠴᠠᠭᠠᠵᠠᠯᠠᠬᠤ ᠬᠠᠤᠯᠢ ᠵᠢᠴᠢ ᠵᠤᠭ᠎ᠠ ᠴᠡᠩᠭᠡᠯ ᠤᠨ ᠲᠠᠯᠠᠪᠤᠷ ᠤᠨ ᠬᠠᠮᠢᠶᠠᠷᠤᠯᠲᠠ ᠶᠢᠨ ᠳᠦᠷᠢᠮ  ᠲᠣᠭᠲᠠᠭᠠᠯ ᠢ  ᠵᠢᠷᠤᠮᠯᠠᠨ᠂ ᠠᠵᠢᠯᠯᠠᠵᠤ ᠪᠠᠶᠢᠭ᠎ᠠ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠶᠢ ᠵᠢᠷᠤᠮᠯᠠᠨ ᠡᠵᠡᠩᠨᠡᠵᠦ ᠂ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠴᠢᠩᠭ᠎ᠠ  ᠴᠠᠭᠠᠵᠠᠯᠠᠬᠤ ᠶᠢ ᠰᠡᠷᠡᠮᠵᠢᠯᠡᠭᠦᠯᠵᠠᠢ᠃          ᠣᠶᠢᠯᠠᠭᠠᠭᠰᠠᠨ ᠢᠶᠠᠷ᠂ ᠲᠣᠰ ᠤᠳᠠᠭᠠᠨ ᠤ  ᠠᠵᠢᠯᠯᠠᠭ᠎ᠠ ᠳᠤ  ᠨᠡᠶᠢᠲᠡ 200 ᠭᠠᠷᠤᠢ ᠴᠠᠭᠳᠠᠭᠠᠨ ᠤ ᠬᠦᠴᠦᠨ᠂ 60 ᠭᠠᠷᠤᠢ ᠴᠠᠭᠳᠠᠭᠠᠨ ᠤ ᠲᠡᠷᠭᠡ ᠶᠢ ᠬᠥᠳᠡᠯᠭᠡᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ  ᠳᠤ ᠴᠤᠬᠢᠯᠳᠡ ᠦᠭᠴᠦ᠂  ᠪᠥᠬᠦ ᠤᠯᠤᠰ ᠤᠨ ᠬᠤᠶᠠᠷ ᠬᠤᠷᠠᠯ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠬᠠᠮ ᠵᠠᠭᠤᠴᠢᠯᠠᠭᠤᠷ ᠤᠨ ᠲᠦᠪ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号