︽ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ ᠠᠮᠤᠷ ᠲᠦᠪᠰᠢᠨ ᠬᠥᠭᠵᠢᠯᠲᠡ ᠶᠢ ᠠᠬᠢᠭᠤᠯᠬᠤ︾ ᠠᠶᠤᠯ ᠲᠦᠭᠰᠢᠭᠦᠷᠢ ᠶᠢ ᠰᠡᠷᠭᠡᠶᠢᠯᠡᠵᠦ ᠭᠡᠮ ᠰᠣᠭᠤᠭ ᠢ ᠠᠷᠢᠯᠭᠠᠨ᠎ᠠ︕  ᠭᠡᠷᠡᠯᠳᠦᠠᠣᠳᠦ ᠰᠤᠮᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠣᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2023/3/3
    ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠠᠷᠠᠳ ᠤᠨ ᠭᠠᠯ ᠢ ᠰᠡᠷᠭᠡᠶᠢᠯᠡᠬᠦ ᠤᠬᠠᠮᠰᠠᠷ ᠢ ᠪᠣᠶ ᠪᠣᠯᠭᠠᠨ᠂ ᠭᠠᠯ ᠤᠨᠲᠠᠷᠠᠭᠠᠬᠤ ᠤᠷ᠎ᠠ ᠴᠢᠳᠠᠪᠤᠷᠢ ᠶᠢ ᠡᠵᠡᠮᠰᠢᠬᠦ ᠶᠢᠨ ᠲᠤᠰᠠᠳᠠ ᠂ 3 ᠳ᠋ᠤᠭᠠᠷ ᠰᠠᠷ᠎ᠠ ᠶᠢᠨ 1 ᠤ ᠡᠳᠦᠷ᠂ ᠬᠤᠲᠠ ᠶᠢᠨ ᠭᠡᠷᠡᠯᠳᠦᠠᠣᠳᠦ ᠰᠤᠮᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠣᠷᠠᠯ ᠢ ᠵᠣᠬᠢᠶᠠᠨ ᠪᠠᠶᠢᠭᠤᠯᠤᠨ ᠥᠷᠨᠢᠭᠦᠯᠪᠡ᠃ ᠭᠡᠷᠡᠯᠳᠦᠠᠣᠳᠦ ᠰᠣᠮᠣᠨ ᠤ ᠭᠠᠯ ᠤᠨᠲᠠᠷᠠᠭᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠪᠣᠯᠣᠨ ᠬᠡᠰᠡᠭ  ᠮᠠᠯᠴᠢᠳ ᠪᠣᠯᠪᠠᠰᠤᠷᠠᠯ ᠳᠤ ᠣᠷᠣᠯᠴᠠᠵᠠᠢ᠃      ᠪᠣᠯᠪᠠᠰᠣᠷᠠᠯ ᠤᠨ ᠳᠤᠮᠳᠠ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠢᠯᠣᠭᠤᠳᠤᠭᠴᠢ ᠪᠠᠶᠢᠯᠳᠤᠭᠴᠢᠳ ᠣᠶ ᠰᠢᠭᠤᠢ ᠨᠤᠲᠤᠭ ᠪᠡᠯᠴᠢᠭᠡᠷ ᠤᠨ ᠡᠬᠢᠨ ᠤ ᠬᠤᠭᠤᠴᠠᠭᠠᠨ ᠤ ᠭᠠᠯ ᠤᠨᠲᠠᠷᠠᠭᠠᠬᠤ᠂ ᠭᠠᠯ ᠢ ᠰᠡᠷᠭᠡᠶᠢᠯᠡᠬᠦ᠂ ᠥᠪᠡᠷ ᠢ ᠪᠠᠨ ᠠᠪᠤᠷᠠᠬᠤ᠂ ᠭᠠᠯ ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠬᠦ ᠵᠡᠷᠭᠡ ᠠᠭᠤᠯᠭ᠎ᠠ ᠶᠢ ᠰᠢᠰᠲ᠋ᠧᠮ ᠲᠠᠢ ᠲᠠᠶᠢᠯᠪᠤᠷᠢᠯᠠᠪᠠ᠃ ᠰᠤᠮᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠰᠡᠷᠭᠡᠶᠢᠯᠡᠯᠲᠡ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠳᠠᠯᠵᠤ᠂ ᠣᠯᠠᠨ ᠳᠤ ᠰᠤᠷᠭᠠᠮᠵᠢ ᠠᠪᠴᠤ᠂ ᠬᠡᠷᠡᠭ ᠭᠠᠷᠬᠤ  ᠠᠴᠠ ᠡᠮᠦᠨ᠎ᠡ ᠣᠷᠢᠳᠴᠢᠯᠠᠨ ᠰᠡᠷᠭᠡᠶᠢᠯᠡᠬᠦ ᠶᠢ ᠰᠠᠨᠠᠭᠤᠯᠵᠤ᠂ ᠬᠥᠮᠥᠨ ᠪᠣᠯᠭᠠᠨ ᠭᠠᠯ ᠤᠨ ᠭᠠᠮᠰᠢᠭ ᠢ ᠰᠡᠷᠭᠡᠶᠢᠯᠡᠬᠦ ᠣᠬᠠᠮᠰᠠᠷ ᠢ ᠪᠣᠶ ᠪᠣᠯᠭᠠᠪᠠ᠃      ᠲᠣᠰ ᠤᠳᠠᠭᠠᠨ ᠤ ᠪᠣᠯᠪᠠᠰᠣᠷᠠᠯ ᠤᠨ ᠵᠣᠷᠢᠯᠭ᠎ᠠ ᠨᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠭᠠᠯ ᠤᠨ ᠭᠠᠮᠰᠢᠭ ᠤᠨ ᠲᠦᠭᠰᠢᠭᠦᠷᠢᠲᠦ ᠪᠠᠶᠢᠳᠠᠯ ᠭᠠᠷᠬᠤ ᠦᠶ᠎ᠡ ᠳᠤ ᠲᠦᠷᠭᠡᠨ ᠲᠤᠰᠬᠠᠵᠤ᠂ ᠪᠦᠲᠦᠮᠵᠢᠲᠡᠶ ᠵᠣᠬᠢᠶᠠᠨ ᠪᠠᠶᠢᠭᠤᠯᠵᠤ᠂ ᠥᠨᠳᠥᠷ ᠪᠦᠲᠦᠮᠵᠢᠲᠡᠶ ᠪᠠᠷ ᠠᠵᠢᠯᠯᠠᠭᠤᠯᠬᠤ ᠶᠢ ᠪᠠᠲᠤᠯᠠᠵᠤ᠂ ᠭᠡᠨᠡᠳᠲᠡ ᠶᠢᠨ ᠭᠠᠮᠰᠢᠭ ᠠᠴᠠ ᠪᠣᠯᠬᠤ ᠬᠥᠨᠥᠭᠡᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠡᠷᠡᠯᠳᠦᠠᠣᠳᠦ ᠰᠣᠮᠣᠨ ᠤ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠳᠤ ᠪᠠᠲᠤ ᠪᠠᠬᠢ ᠰᠠᠭᠤᠷᠢ ᠳᠠᠯᠪᠢᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号