ᠡᠷᠢᠶᠡᠨ ᠪᠣᠭᠤᠮᠲᠠ ᠶᠢᠨ ᠲᠡᠮᠦᠷ ᠤᠨ ᠬᠦᠳᠡᠷ ᠤᠨ ᠭᠠᠳᠠᠭᠠᠳᠤ  ᠠᠴᠠ ᠣᠷᠣᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 271.42% ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2023/3/30
    ᠡᠨᠡ ᠵᠢᠯ ᠤᠨ ᠲᠦᠷᠦᠭᠦᠸ 2 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠲᠡᠮᠦᠷ ᠤᠨ ᠬᠦᠳᠡᠷ 77.2 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 271.42%   ᠢᠶᠠᠷ ᠨᠡᠮᠡᠭᠳᠡᠪᠡ  ᠃     ᠡᠨᠡ ᠵᠢᠯ ᠠᠴᠠ ᠨᠠᠰᠢ᠂ ᠪᠥᠬᠦ ᠤᠯᠤᠰ ᠤᠨ ᠭᠤᠣᠯ ᠪᠣᠯᠬᠤ ᠪᠣᠯᠣᠳ ᠲᠡᠮᠦᠷ ᠤᠨ ᠠᠵᠤ ᠠᠬᠤᠶᠢᠯᠠᠯ ᠤᠨ ᠥᠨᠳᠥᠷ ᠵᠤᠤᠬ᠎ᠠ ᠶᠢᠨ ᠠᠵᠢᠯ ᠡᠬᠢᠯᠡᠭᠦᠯᠦᠭᠰᠡᠨ ᠨᠣᠷᠮ᠎ᠠ ᠦᠷᠭᠦᠯᠵᠢᠯᠡᠨ ᠪᠠᠭ᠎ᠠ ᠬᠡᠮᠵᠢᠶ᠎ᠡ ᠪᠠᠷ ᠳᠡᠭᠡᠭᠰᠢᠯᠡᠵᠦ᠂ ᠲᠡᠮᠦᠷ ᠤᠨ ᠠᠭᠤᠷᠬᠠᠢ ᠶᠢᠨ ᠬᠡᠷᠡᠭᠴᠡᠭᠡ ᠤᠯᠠᠮ ᠨᠢᠭᠡ ᠠᠯᠬᠤᠮ ᠨᠡᠮᠡᠭᠳᠡᠨ᠂ ᠠᠵᠤ ᠠᠬᠤᠶᠢᠯᠠᠯ ᠤᠨ ᠭᠠᠳᠠᠭᠠᠳᠤ   ᠠᠴᠠ ᠣᠷᠣᠭᠤᠯᠬᠤ ᠢᠳᠡᠪᠬᠢᠵᠢᠯ ᠳᠡᠭᠡᠭᠰᠢᠯᠡᠪᠡ᠃ ᠡᠷᠢᠶᠡᠨ ᠪᠣᠭᠤᠮᠲᠠ ᠨᠢ ᠪᠣᠳᠠᠲᠠᠢ ᠲᠠᠢ ᠪᠠᠨ ᠤᠶᠠᠯᠳᠤᠭᠤᠯᠤᠨ᠂ ᠳᠤᠮᠳᠠ ᠵᠢᠵᠢᠭ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠨᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ︽ᠵᠠᠭᠤᠨ ᠬᠥᠮᠥᠨ ᠬᠤᠯᠪᠣᠭᠠᠯᠠᠵᠤ ᠮᠢᠩᠭᠠᠨ ᠠᠵᠤ ᠠᠬᠤᠶᠢᠯᠠᠯ ᠬᠠᠮᠳᠦ  ᠪᠠᠷ ᠭᠠᠳᠠᠭᠠᠳᠤ ᠠᠷᠠᠯᠵᠢᠶ᠎ᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯ ᠢᠶᠠᠷ ᠢᠶᠠᠨ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠳᠤ ᠳᠥᠭᠦᠮ ᠳᠥᠲᠡ ᠥᠨᠳᠥᠷ ᠦᠷ᠎ᠡ ᠪᠦᠲᠦᠮᠵᠢᠲᠡᠶ ᠪᠠᠷ ᠪᠣᠭᠤᠮᠲᠠ ᠪᠠᠷ ᠥᠩᠭᠡᠷᠡᠬᠦ ᠶᠢ ᠪᠠᠲᠤᠯᠠᠨ᠎ᠠ᠃     ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠪᠣᠭᠤᠮᠲᠠ ᠶᠢᠨ ᠠᠵᠢᠯᠲᠠᠨ ᠬᠤᠸᠠᠩ ᠶᠦᠨ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠶᠢᠨ ᠬᠢᠨ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ   ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠵᠢᠷᠤᠮᠵᠢᠭᠤᠯᠤᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠥᠷᠭᠡᠨ ᠣᠯᠠᠨ ᠡᠬᠢ ᠪᠠᠶᠠᠯᠢᠭ ᠤᠨ ᠲᠥᠷᠥᠯ ᠤᠨ ᠲᠠᠸᠠᠷ ᠢ ᠭᠠᠳᠠᠭᠠᠳᠤ   ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠡᠳ᠋ᠯᠡᠭᠦᠯᠵᠦ᠂ ᠪᠣᠭᠤᠮᠲᠠ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠡᠢ᠃     ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠡᠷᠢᠶᠡᠨ ᠬᠤᠳᠠ ᠶᠢᠨ ᠪᠣᠭᠤᠮᠲᠠ ᠶᠢᠨ ᠲᠡᠮᠦᠷ ᠤᠨ ᠬᠦᠳᠡᠷ ᠢᠶᠠᠷ ᠲᠥᠯᠥᠭᠡᠯᠡᠭᠦᠯᠦᠭᠰᠡᠨ ᠶᠡᠭᠡ ᠬᠡᠮᠵᠢᠶᠡᠨ ᠤ ᠡᠬᠢ ᠪᠠᠶᠠᠯᠢᠭ ᠤᠨ ᠲᠦᠷᠦᠯ ᠤᠨ ᠭᠠᠳᠠᠭᠠᠳᠤ ᠠᠴᠠ ᠣᠷᠣᠭᠤᠯᠬᠤ ᠲᠠᠸᠠᠷ ᠤᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠵᠡᠷᠭᠡ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠠᠷᠠᠯᠵᠢᠶ᠎ᠠ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号