ᠡᠷᠢᠶᠡᠨ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 112.7% ᠨᠡᠮᠡᠭᠳᠡᠪᠡ
ᠨᠡᠶᠢᠲᠡᠯᠡᠭᠰᠡᠨ ᠴᠠᠭ᠄
2023/3/31
    ᠡᠨᠡ ᠵᠢᠯ ᠤᠨ ᠲᠦᠷᠦᠭᠦᠤ 2 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 80 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 112.7% ᠪᠠᠷ ᠨᠡᠮᠡᠭᠳᠡᠪᠡ︔ ᠪᠠᠷᠠᠭᠠᠨ ᠤ ᠥᠷᠲᠡᠭ 6.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 78.4% ᠪᠠᠷ ᠨᠡᠮᠡᠭᠳᠡᠪᠡ᠃    ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠳᠣᠯᠠᠳᠠ᠂ ᠡᠷᠢᠶᠡᠨ ᠪᠣᠭᠤᠮᠲᠠ ᠨᠢ ᠮᠣᠩᠭᠤᠯ ᠤᠯᠤᠰ ᠤᠨ ᠭᠠᠳᠠᠭᠠᠳᠤ ᠠᠴᠠ ᠣᠷᠣᠭᠤᠯᠬᠤ ᠨᠡᠭᠦᠷᠡᠰᠦ ᠶᠢ ᠰᠢᠯᠭᠠᠨ ᠪᠠᠶᠢᠴᠠᠭᠠᠬᠤ ᠭᠤᠷᠪᠠᠳᠡᠬᠢ ᠡᠲᠡᠭᠡᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠨᠳᠥᠷ ᠪᠦᠲᠦᠮᠵᠢᠲᠡᠶ ᠰᠠᠶᠢᠲᠤᠷ ᠬᠢᠪᠡ᠃ ᠣᠳᠣ ᠪᠣᠯᠲᠠᠯ᠎ᠠ᠂ ᠮᠡᠳᠡᠭᠡ ᠵᠠᠩᠭᠢ ᠶᠢᠨ ᠠᠵᠤ ᠠᠬᠤᠶᠢᠯᠠᠯ 12 ᠪᠠᠶᠢᠵᠤ᠂ ᠬᠠᠷᠢᠶ᠎ᠠ ᠣᠷᠣᠨ ᠤ 80% ᠶᠢᠨ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠠᠰᠢᠭ ᠬᠦᠷᠲᠡᠭᠡᠪᠡ᠃ ᠭᠤᠷᠪᠠᠳᠠᠬᠢ ᠡᠲᠡᠭᠡᠳ ᠤᠨ ᠮᠡᠳᠡᠭᠡ ᠵᠠᠩᠭᠢ ᠶᠢ ᠴᠤᠭᠯᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦᠨ ᠤ  ᠰᠢᠯᠭᠠᠨ ᠪᠠᠶᠢᠴᠠᠭᠠᠬᠤ ᠬᠤᠭᠤᠴᠠᠭ᠎ᠠ ᠶᠢ ᠶᠡᠭᠡ ᠬᠡᠮᠵᠢᠶ᠎ᠡ ᠪᠠᠷ ᠪᠣᠭᠤᠨᠢᠰᠬᠠᠵᠤ᠂ ᠵᠢᠱᠢᠯᠲᠡ ᠪᠠᠷ 2023 ᠣᠨ ᠳᠤ ᠮᠡᠳᠡᠭᠡ ᠵᠠᠩᠭᠢ ᠴᠤᠭᠯᠠᠭᠤᠯᠬᠤ ᠠᠵᠤ ᠠᠬᠤᠶᠢᠯᠠᠯ ᠤᠨ ᠲᠤᠭ᠎ᠠ ᠦᠷᠭᠦᠯᠵᠢᠯᠡᠨ ᠶᠡᠭᠡ ᠬᠡᠮᠵᠢᠶ᠎ᠡ ᠪᠠᠷ ᠨᠡᠮᠡᠭᠳᠡᠬᠦ ᠪᠣᠯᠤᠨ᠎ᠠ᠃    ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠢᠨᠵᠢᠯᠡᠬᠦ ᠤᠬᠠᠭᠠᠨ ᠤ ᠪᠣᠭᠤᠮᠲᠠ ᠶᠢᠨ ᠭᠡᠰᠢᠭᠦᠨ ᠵᠢᠶᠠ ᠪᠦᠦ ᠵᠦ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠬᠦᠢᠴᠡᠳ ᠬᠦᠷᠲᠡᠭᠡᠵᠦ᠂ ᠨᠡᠭᠦᠷᠡᠰᠦᠨ ᠤ ᠭᠠᠳᠠᠭᠠᠳᠤ ᠠᠴᠠ ᠣᠷᠣᠭᠤᠯᠬᠤ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃    ᠡᠷᠢᠶᠡᠨ ᠪᠣᠭᠤᠮᠲᠠ ᠳᠤ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠬᠤᠳᠠᠯᠳᠤᠭ᠎ᠠ ᠡᠷᠭᠢᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠲᠠᠢ ᠪᠠᠶᠢᠵᠤ᠂ ᠴᠥᠭᠡᠨ ᠪᠤᠰᠤ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠬᠦᠴᠦᠷᠬᠡᠭᠵᠢᠭᠦᠯᠬᠦ ᠶᠢᠨ ᠲᠡᠷᠢᠭᠦᠨ ᠰᠣᠩᠭᠤᠯᠲᠠ ᠪᠣᠯᠤᠭᠰᠠᠨ ᠪᠠᠶᠢᠨ᠎ᠠ᠃ ᠬᠢᠯᠢ ᠶᠢᠨ ᠪᠤᠭᠤᠮᠲᠠ ᠶᠢ ᠴᠢᠯᠦᠭᠡᠳᠠᠢ ᠨᠡᠭᠡᠭᠡᠭᠰᠡᠨ ᠠᠴᠠ ᠨᠠᠰᠢ᠂ ᠭᠠᠲᠠᠭᠠᠲᠦ ᠠᠴᠠ ᠤᠷᠤᠭᠤᠯᠬᠤ ᠪᠠ ᠭᠠᠲᠠᠭᠠᠲᠦ ᠳᠤ ᠭᠠᠷᠭᠠᠬᠤ ᠠᠷᠠᠯᠵᠢᠶ᠎ᠠ ᠡᠳᠦᠷ ᠢᠷᠡᠬᠦᠶ᠎ᠡ ᠬᠦᠭᠵᠢᠭᠦ ᠪᠠᠶᠢᠲᠠᠯ ᠲᠠᠢ ᠪᠤᠯᠵᠤ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号