ᠡᠷᠢᠶᠡᠨ ᠬᠤᠲᠠ᠄ ᠡᠯᠡᠰᠦ ᠮᠠᠩᠬᠠᠨ ᠠᠴᠠ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠲᠠ ᠬᠦᠷᠲᠡᠯᠡᠬᠢ ᠬᠤᠪᠢᠷᠠᠯᠲᠠ ᠶᠢᠨ ᠵᠠᠮ
ᠨᠡᠶᠢᠲᠡᠯᠡᠭᠰᠡᠨ ᠴᠠᠭ᠄
2023/3/6
     ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠤᠨ ᠡᠬᠢ ᠡᠭᠦᠰᠦᠯ ᠳᠤ ᠪᠠᠶᠢᠷᠢᠯᠠᠵᠤ᠂ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠪᠠ ᠭᠠᠩ ᠬᠠᠭᠤᠷᠠᠢ ᠡᠯᠡᠰᠦᠨ ᠴᠥᠯ ᠤᠨ ᠬᠡᠭᠡᠷ᠎ᠡ ᠲᠠᠯ᠎ᠠ ᠶᠢᠨ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠲᠤᠷᠰᠢ ᠭᠠᠩ ᠬᠠᠭᠤᠷᠠᠢ ᠪᠣᠷᠣᠭᠠᠨ ᠪᠠᠭ᠎ᠠ ᠪᠠᠶᠢᠵᠤ᠂ ᠣᠨᠴᠠᠭᠠᠶ ᠭᠠᠵᠠᠷ ᠵᠦᠢ ᠶᠢᠨ ᠪᠠᠶᠢᠷᠢᠯᠠᠯ ᠪᠠ ᠠᠭᠤᠷ ᠠᠮᠢᠰᠬᠤᠯ ᠤᠨ ᠨᠥᠬᠦᠴᠡᠯ ᠠᠴᠠ ᠪᠣᠯᠵᠤ ᠪᠡᠯᠴᠢᠭᠡᠷ ᠬᠦᠨᠳᠦ ᠨᠣᠴᠢᠲᠠᠢ ᠮᠠᠭᠤᠳᠠᠵᠤ᠂ ᠠᠮᠢ ᠠᠬᠤᠢ ᠶᠢᠨ ᠣᠷᠴᠢᠨ ᠲᠣᠭᠤᠷᠢᠨ ᠲᠤᠶᠢᠯ ᠤᠨ ᠬᠡᠪᠡᠷᠡᠭ ᠪᠠᠶᠢᠳᠠᠭ᠃
    ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠳᠣᠯᠠᠳᠠ᠂ ᠮᠠᠨ ᠤ ᠬᠤᠲᠠ ᠪᠣᠳᠠᠲᠤ ᠪᠠᠶᠢᠳᠠᠯ ᠢᠶᠠᠨ ᠦᠨᠳᠦᠰᠦᠯᠡᠨ ︽ᠮᠠᠯᠵᠢᠬᠤ ᠣᠷᠣᠨ ᠳᠤ ᠬᠠᠮᠠᠭᠠᠯᠠᠬᠤ ᠪᠠᠷ ᠭᠤᠣᠯ ᠪᠣᠯᠭᠠᠵᠤ᠂ ᠵᠣᠬᠢᠰᠲᠠᠢ ᠠᠰᠢᠭᠯᠠᠬᠤ᠂ ᠬᠤᠲᠠ ᠲᠣᠭᠤᠷᠢᠭ ᠤᠨ ᠣᠷᠴᠢᠨ ᠳᠤ ᠠᠮᠢ ᠠᠬᠤᠢ ᠶᠢᠨ ᠬᠠᠮᠠᠭᠠᠯᠠᠯᠲᠠ ᠶᠢᠨ ᠣᠶ ᠪᠠᠶᠢᠭᠤᠯᠬᠤ ᠪᠠᠷ ᠭᠤᠣᠯ ᠪᠣᠯᠭᠠᠵᠤ᠂ ᠭᠤᠣᠯᠳᠠᠯᠭ᠎ᠠ ᠲᠠᠢ ᠣᠷᠣᠨ ᠪᠦᠰᠡ ᠳᠤ ᠦᠵᠡᠮᠵᠢ ᠶᠢᠨ ᠬᠠᠮᠠᠭᠠᠯᠠᠯᠲᠠ ᠶᠢᠨ ᠣᠶ ᠪᠣᠶ ᠪᠣᠯᠭᠠᠬᠤ︾ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠡᠳᠬᠢᠮᠵᠢ ᠶᠢ ᠲᠣᠭᠲᠠᠭᠠᠬᠤ ᠶᠢᠨ ᠬᠠᠮᠲᠤ ᠳᠦᠷᠢᠮ ᠲᠣᠭᠲᠠᠭᠠᠯ ᠲᠣᠭᠲᠠᠭᠠᠬᠤ᠂ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ ᠵᠡᠷᠭᠡ ᠲᠠᠯ᠎ᠠ ᠪᠠᠷ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠪᠣᠬᠢᠷᠳᠤᠯ ᠦᠭᠡᠢ ᠬᠥᠭᠵᠢᠯᠲᠡ ᠶᠢᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠪᠠ᠃      ᠨᠢᠭᠡ ᠳᠤ᠂ ᠳᠦᠷᠢᠮ ᠲᠣᠭᠲᠠᠭᠠᠯ ᠢᠶᠠᠷ ᠤᠳᠤᠷᠢᠳᠤᠮᠵᠢ ᠪᠣᠯᠭᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠵᠢᠴᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 2006 ᠣᠨ ᠠᠴᠠ ᠡᠬᠢᠯᠡᠨ ︽ᠡᠷᠢᠶᠡᠨ ᠬᠤᠲᠠ ᠶᠢᠨ ᠠᠮᠢ ᠠᠬᠤᠢ ᠶᠢ ᠰᠡᠷᠭᠦᠭᠡᠬᠦ ᠮᠠᠯᠵᠢᠬᠤ ᠶᠢ ᠵᠣᠭᠰᠣᠭᠠᠬᠤ ᠬᠥᠮᠥᠨ ᠠᠮᠠ ᠶᠢ ᠰᠢᠯᠵᠢᠭᠦᠯᠬᠦ ᠶᠢ ᠬᠡᠷᠡᠭᠵᠢᠭᠦᠯᠬᠦ ᠠᠷᠭ᠎ᠠ︾ ︽ᠡᠷᠢᠶᠡᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ 2025 ᠣᠨ︶︾ ︽2022 ᠣᠨ ᠤ ᠡᠷᠢᠶᠡᠨ ᠬᠤᠲᠠ ᠶᠢᠨ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠡᠷᠡᠭᠵᠢᠭᠦᠯᠬᠦ ᠲᠥᠰᠥᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠬᠠᠮᠠᠭᠠᠯᠠᠪᠠ᠃      ᠬᠤᠶᠠᠷ ᠲᠤ᠂ ᠴᠢᠬᠤᠯᠠ ᠶᠡᠭᠡ ᠢᠨᠵᠧᠨᠧᠷᠢᠩ ᠢᠶᠠᠷ ᠭᠤᠣᠯᠳᠠᠯᠭ᠎ᠠ ᠪᠣᠯᠭᠠᠨ᠎ᠠ᠃ 2011 ᠣᠨ ᠠᠴᠠ 2020 ᠣᠨ ᠪᠣᠯᠲᠠᠯ᠎ᠠ᠂ ᠨᠡᠶᠢᠳᠡ 76.2 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠨ ᠪᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ ᠶᠢ ᠪᠡᠶᠡᠯᠡᠭᠦᠯᠵᠦ᠂ ᠪᠡᠯᠴᠢᠭᠡᠷ ᠢ ᠵᠠᠰᠠᠭᠰᠠᠨ ᠲᠠᠯᠠᠪᠠᠢ ᠨᠡᠶᠢᠳᠡ 157.5 ᠲᠦᠮᠡᠨ ᠮᠦ ᠳᠤ ᠬᠦᠷᠴᠦ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠲᠠᠯᠠᠪᠠᠢ 175 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠣᠯᠭᠠᠭᠰᠠᠨ ᠪᠡᠯᠴᠢᠭᠡᠷ ᠤᠨ ᠲᠠᠯᠠᠪᠠᠢ 327 ᠲᠦᠮᠡᠨ ᠮᠦ᠂ ᠵᠢᠵᠢᠭ ᠰᠠᠪᠠ ᠭᠠᠵᠠᠷ ᠢ ᠵᠠᠰᠠᠭᠰᠠᠨ ᠲᠠᠯᠠᠪᠠᠢ 12 ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ ᠡᠪᠡᠰᠦᠨ ᠤ ᠰᠦᠷᠦᠭᠵᠢᠯ ᠤᠨ ᠥᠨᠳᠥᠷ ᠤᠨ ᠬᠡᠮᠵᠢᠶ᠎ᠡ ᠶᠢ ᠳᠤᠮᠳᠠᠴᠢ ᠪᠠᠷ 2 ᠰᠠᠨᠲ᠋ᠢᠮᠧᠲᠷ ᠳᠡᠭᠡᠭᠰᠢᠯᠡᠭᠦᠯᠵᠦ᠂ ᠡᠪᠡᠰᠦᠨ ᠤ ᠰᠦᠷᠦᠭᠵᠢᠯ ᠤᠨ ᠪᠦᠷᠬᠦᠴᠡ ᠶᠢ ᠳᠤᠮᠳᠠᠴᠢ ᠪᠠᠷ 1.7%᠎ ᠪᠠᠷ ᠳᠡᠭᠡᠭᠰᠢᠯᠡᠭᠦᠯᠦᠨ᠎ᠡ᠃ ᠯᠢᠨ ᠾᠧ ︱ ᠴᠡᠭᠡ ᠪᠣᠭᠤᠮᠳᠠ ᠬᠦᠷᠬᠦ ᠲᠡᠮᠦᠷ ᠵᠠᠮ ᠤᠨ 80% ᠰᠢᠬᠠᠮ ᠤᠨ ᠱᠤᠭᠤᠮ ᠰᠢᠷ᠎ᠠ ᠡᠯᠡᠰᠦᠨ ᠳᠤ ᠪᠤᠯᠠᠭᠳᠠᠵᠤ᠂ 20 ᠰᠢᠬᠠᠮ ᠵᠢᠯ ᠤᠨ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠᠷ ᠳᠠᠮᠵᠢᠭᠠᠳ᠂ ᠡᠳᠦᠭᠡ ᠲᠡᠮᠦᠷ ᠵᠠᠮ ᠤᠨ ᠬᠤᠶᠠᠷ ᠲᠠᠯ᠎ᠠ ᠳᠤ ᠥᠷᠭᠡᠨ ᠢᠶᠠᠷ ᠢᠶᠠᠨ 64 ︱ 86  ᠮᠧᠲᠷ᠂ ᠤᠷᠲᠤ ᠪᠠᠷ ᠢᠶᠠᠨ 91.85 ᠺᠢᠯᠦᠮᠥᠲᠷ ᠪᠦᠬᠦᠢ ᠡᠯᠡᠰᠦ ᠶᠢ ᠵᠠᠰᠠᠬᠤ ᠬᠠᠮᠠᠭᠠᠯᠠᠯᠲᠠ ᠶᠢᠨ ᠤᠢ ᠶᠢᠨ ᠪᠦᠰᠡ ᠶᠢ ᠪᠠᠶᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ ᠰᠢᠭᠤᠳ ᠡᠷᠢᠶᠡᠨ ᠬᠤᠳᠠ ᠶᠢᠨ ᠦᠷᠳᠡᠭᠡ ᠳᠤ ᠨᠡᠪᠲᠡᠷᠡᠬᠦ ᠭᠠᠯᠲᠤ ᠲᠡᠷᠭᠡᠨ ᠳᠤ ᠪᠣᠬᠢᠷᠳᠤᠯ ᠦᠭᠡᠢ ᠠᠮᠤᠷ ᠲᠦᠪᠰᠢᠨ ᠤ ᠬᠠᠯᠬᠠᠪᠴᠢ ᠶᠢ ᠪᠣᠰᠬᠠᠵᠠᠢ᠃      ᠭᠤᠷᠪᠠ ᠳᠤ᠂ ᠬᠤᠯᠪᠤᠭᠠᠯᠠᠨ ᠡᠯᠡᠰᠦ ᠶᠢ ᠵᠠᠰᠠᠬᠤ ᠳᠤ ᠬᠥᠳᠡᠯᠭᠡᠭᠦᠷ ᠪᠣᠯᠭᠠᠨ᠎ᠠ᠃ ᠨᠢᠭᠡ ᠲᠠᠯ᠎ᠠ ᠪᠠᠷ ᠳᠤᠮᠳᠠᠳᠤ ᠮᠣᠩᠭᠤᠯ ᠤᠨ ᠬᠠᠮᠲᠤᠷᠠᠨ ᠡᠯᠡᠰᠦ  ᠎ ᠶᠢ ᠵᠠᠰᠠᠬᠤ ᠵᠠᠮ ᠢᠶᠠᠷ ᠵᠠᠮᠨᠠᠵᠤ᠂ 2004 ᠣᠨ  ᠎ ᠠᠴᠠ ᠡᠬᠢᠯᠡᠨ ᠡᠷᠢᠶᠡᠨ ᠬᠤᠲᠠ  ᠮᠣᠩᠭᠤᠯ ᠤᠯᠤᠰ ᠤᠨ ᠬᠢᠯᠢ ᠶᠢᠨ ᠵᠠᠭᠠᠭ ᠲᠠᠬᠢ ᠵᠠᠮ ᠤᠨ ᠡᠭᠦᠳᠡ ᠶᠢ ᠨᠣᠭᠤᠭᠠᠷᠠᠭᠤᠯᠬᠤ ᠳᠤ ᠬᠦᠴᠦ ᠨᠡᠮᠡᠷᠢᠯᠡᠵᠦ᠂ 2011 ᠣᠨ ᠳᠤ ᠪᠠᠰᠠ ᠮᠣᠩᠭᠤᠯ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ  ᠎ ᠶᠢ ᠵᠠᠰᠠᠬᠤ ᠮᠡᠷᠭᠡᠵᠢᠯ ᠤᠨ ᠰᠤᠳᠤᠯᠤᠨ ᠰᠤᠷᠤᠯᠴᠠᠬᠤ ᠠᠩᠭᠢ ᠶᠢ ᠡᠷᠭᠢᠯᠡᠵᠡᠶ᠃ ᠨᠦᠭᠦᠭᠡ ᠲᠠᠯ᠎ᠠ ᠪᠠᠷ ᠬᠤᠯᠪᠣᠭᠳᠠᠯ ᠪᠦᠬᠦᠢ ᠨᠡᠶᠢᠭᠡᠮᠯᠢᠭ ᠢ ᠪᠠᠶᠢᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠪᠠᠲᠤᠯᠠᠭ᠎ᠠ ᠬᠠᠩᠭᠠᠨ᠎ᠠ᠃ 2012 ᠣᠨ ᠳᠤ᠂ ᠤᠷᠢᠳ ᠬᠤᠵᠢᠳ ᠡᠷᠢᠶᠡᠨ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠨᠡᠶᠢᠭᠡᠮᠯᠢᠭ ᠢ ᠪᠠᠶᠢᠭᠤᠯᠪᠠ᠃     ᠳᠥᠷᠪᠡ ᠳᠤ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠲᠦᠰᠢᠭ ᠪᠣᠯᠭᠠᠨ᠎ᠠ᠃ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠣᠯᠢᠮᠫᠢᠺ ᠤᠨ ᠰᠣᠶᠣᠯ ᠤᠨ ᠴᠡᠴᠡᠷᠯᠢᠭ᠂ ︽ᠨᠢᠭᠡ ᠪᠦᠰᠡ ᠨᠢᠭᠡ ᠵᠠᠮ︾᠎ ᠤᠨ ᠴᠡᠴᠡᠷᠯᠢᠭ᠂ ᠢᠯᠢᠨ ᠦᠵᠡᠮᠵᠢ ᠶᠢᠨ ᠶᠡᠭᠡ ᠵᠠᠮ ᠵᠡᠷᠭᠡ 10 ᠭᠠᠷᠤᠢ ᠭᠤᠣᠯ ᠰᠡᠳᠦᠪᠲᠦ ᠨᠣᠭᠤᠭᠠᠨ ᠭᠠᠵᠠᠷ ᠤᠨ ᠴᠡᠴᠡᠷᠯᠢᠭ ᠢ ᠪᠠᠶᠢᠭᠤᠯᠵᠤ᠂ 300 ᠮᠧᠲᠷ ᠢ ᠨᠣᠭᠤᠭᠠᠷᠠᠭᠤᠯᠬᠤ᠂ 500 ᠮᠧᠲᠷ ᠢ ᠴᠡᠴᠡᠷᠯᠢᠭᠵᠢᠭᠦᠯᠬᠦ ᠬᠠᠷᠠᠯᠲᠠ ᠶᠢ ᠪᠡᠶᠡᠯᠡᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7%᠎ ᠳᠤ ᠬᠥᠷᠪᠡ᠃ ᠤᠷᠢᠳ ᠬᠤᠵᠢᠳ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠡᠷᠢᠭᠦᠨ ᠤ ᠬᠤᠲᠠ᠂ ᠳᠤᠮᠳᠠᠳᠤ ᠤᠯᠤᠰ ᠤᠨ ᠠᠷᠪᠠᠨ ᠰᠢᠯᠢᠳᠡᠭ ᠪᠣᠬᠢᠷᠳᠤᠯ ᠦᠭᠡᠢ ᠬᠤᠲᠠ᠂ ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠵᠡᠷᠭᠡ ᠣᠯᠠᠨ ᠵᠦᠢᠯ ᠤᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠬᠤᠲᠠ︾᠎ ᠶᠢᠨ ᠢᠷᠠᠭᠤ ᠠᠯᠳᠠᠷ ᠢ ᠭᠥᠷᠳᠡᠪᠡ᠃      ᠥᠩᠭᠡᠷᠡᠭᠰᠡᠨ ᠳᠤ ᠲᠡᠭᠷᠢ ᠲᠤᠯᠤᠮ᠎ᠠ ᠡᠯᠡᠰᠦ ᠰᠢᠷᠣᠢ ᠲᠠᠢ ᠪᠠᠶᠢᠭᠰᠠᠨ ᠬᠢᠯᠢ ᠬᠢᠵᠠᠭᠠᠷ ᠤᠨ ᠵᠢᠵᠢᠭ ᠬᠤᠲᠠ ᠨᠢ ᠬᠡᠳᠦᠨ ᠠᠷᠪᠠᠨ ᠵᠢᠯ ᠤᠨ ᠰᠠᠯᠬᠢᠨ ᠢ ᠬᠠᠯᠬᠠᠯᠠᠨ ᠡᠯᠡᠰᠦ ᠶᠢ ᠵᠠᠰᠠᠬᠤ ᠪᠠᠷ ᠳᠡᠮᠵᠢᠨ᠂ ᠣᠲᠣ ᠨᠢᠭᠡᠨᠲᠡ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠤᠨ ᠪᠣᠭᠤᠮᠲᠠ ᠬᠤᠲᠠ ᠪᠣᠯᠤᠭᠰᠠᠨ ᠪᠠᠶᠢᠨ᠎ᠠ᠃ ᠬᠤᠶᠢᠰᠢᠳᠠ᠂ ᠨᠣᠭᠤᠭᠠᠨ ᠥᠩᠭᠡ ᠶᠢ ᠬᠠᠮᠠᠭᠠᠯᠠᠬᠤ᠂ ᠨᠣᠭᠤᠭᠠᠨ ᠥᠩᠭᠡ ᠶᠢ ᠬᠠᠶᠢᠷᠠᠯᠠᠬᠤ᠂ ᠨᠣᠭᠤᠭᠠᠨ ᠥᠩᠭᠡ ᠶᠢ ᠬᠥᠭᠡᠭᠡᠴᠡᠯᠳᠦᠬᠦ ᠨᠢ ᠬᠢᠯᠢ ᠶᠢᠨ ᠬᠤᠳᠠ ᠶᠢᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠪᠣᠯᠵᠤ᠂ ᠨᠣᠭᠤᠭᠠᠨ ᠥᠩᠭᠡ ᠨᠢ ᠡᠷᠢᠶᠡᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠨᠡᠩ ᠪᠠᠲᠤ᠂ ᠨᠡᠩ ᠵᠤᠵᠠᠭᠠᠨ᠂ ᠨᠡᠩ ᠦᠵᠡᠰᠬᠦᠯᠡᠩᠲᠦ ᠰᠠᠶᠢᠬᠠᠨ ᠰᠠᠭᠤᠷᠢ ᠥᠩᠭᠡ ᠪᠣᠯᠬᠤ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号