ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽  ᠬᠦᠨᠳᠦ ᠴᠣᠬᠢᠯᠳᠠ︾ ᠶᠢᠨ ᠠᠵᠢᠯᠯᠠᠭ᠎ᠠ ᠥᠷᠨᠢᠭᠦᠯᠵᠦ ᠂ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2023/3/6
     ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠦᠴᠦᠲᠡᠢ ᠴᠣᠬᠢᠯᠲᠠ ᠥᠭᠴᠦ ᠬᠤᠷᠢᠭᠯᠠᠨ ᠵᠣᠭᠰᠣᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠨᠡᠶᠢᠭᠡᠮ ᠤᠨ ᠲᠠᠯ᠎ᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠳᠣᠯᠠᠳᠠ᠂ 3 ᠰᠠᠷ᠎ᠠ ᠶᠢᠨ 1 ᠤ ᠣᠷᠣᠢ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢᠭᠡᠳᠦᠯᠲᠡᠢ ᠪᠠᠶᠢᠷᠢᠯᠠᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠪᠥᠬᠦ ᠬᠤᠲᠠ ᠶᠢᠨ ᠬᠡᠪᠴᠢᠶᠡᠨ ᠳᠤ ᠨᠡᠶᠢᠭᠡᠮ ᠤᠨ ᠲᠠᠯ᠎ᠠ ᠶᠢᠨ ᠪᠠᠶᠢᠴᠠᠭᠠᠯᠲᠠ ᠶᠢᠨ ︽ ᠬᠦᠨᠳᠦ ᠴᠣᠬᠢᠯᠳᠠ︾ ᠶᠢᠨ ᠠᠵᠢᠯᠯᠠᠭ᠎ᠠ ᠥᠷᠨᠢᠭᠦᠯᠪᠡ᠃     ᠲᠤᠬᠠᠢ   ᠶᠢᠨ ᠲᠠᠯᠠᠪᠠᠶ ᠳᠤ ᠴᠠᠭᠳᠠᠭᠠᠨ ᠤ ᠲᠡᠷᠭᠡ ᠲᠡᠷᠢ ᠲᠡᠭᠰᠢ ᠵᠢᠭᠰᠠᠵᠤ᠂ ᠠᠷᠠᠳ ᠤᠨ ᠲᠤᠰᠠᠯᠠᠬᠤ ᠴᠠᠭᠳᠠᠭ᠎ᠠ ᠨᠠᠷ ᠮᠣᠷᠳᠠᠬᠤ ᠪᠠᠷ ᠪᠡᠯᠡᠬᠡᠨ ᠪᠠᠶᠢᠯ᠎ᠠ᠃ ᠵᠠᠷᠯᠢᠭ ᠪᠠᠭᠤᠯᠭᠠᠮᠠᠭᠴᠠ᠂ ᠴᠠᠭᠳᠠᠭᠠᠨ ᠤ ᠳ᠋ᠧᠩ ᠭᠢᠯᠠᠯᠵᠠᠵᠤ᠂ ᠰᠡᠷᠡᠮᠵᠢ ᠶᠢᠨ ᠱᠦᠭᠯᠦ ᠵᠡᠷᠭᠡ ᠪᠠᠷ ᠳᠤᠤᠭᠠᠷᠬᠤ ᠶᠢ ᠳᠠᠭᠠᠯᠳᠤᠨ᠂ ᠣᠯᠠᠨ ᠢᠶᠠᠷ ᠢᠶᠠᠨ ᠦᠳᠲᠡᠷ ᠲᠦᠷᠭᠡᠨ ᠲᠡᠷᠭᠡᠨ ᠳᠤ ᠭᠠᠷᠴᠤ᠂ ᠡᠯ᠎ᠡ ᠲᠣᠭᠲᠠᠭᠰᠠᠨ ᠭᠠᠵᠠᠷ ᠲᠤ ᠪᠠᠨ ᠡᠮᠬᠢ ᠵᠢᠷᠤᠮ ᠲᠠᠢ ᠪᠠᠷ ᠬᠦᠷᠴᠦ᠂ ᠨᠡᠶᠢᠭᠡᠮ ᠤᠨ ᠲᠠᠯ᠎ᠠ ᠶᠢᠨ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠪᠡ᠃    ᠲᠣᠰ ᠤᠳᠠᠭᠠᠨ ᠤ ᠠᠵᠢᠯᠯᠠᠭ᠎ᠠ ᠳᠤ ᠭᠤᠣᠯᠳᠠᠭᠤ ᠲᠠᠯᠠᠪᠠᠶ᠂ ᠢᠳᠡᠭᠡᠨ ᠤᠮᠳᠠᠭᠠᠨ᠂ ᠵᠣᠴᠢᠳ ᠤᠨ ᠪᠠᠭᠤᠳᠠᠯ᠂ ᠬᠤᠳᠠᠯᠳᠤᠭᠠᠨ ᠤ ᠲᠠᠯᠠᠪᠤᠷ᠂ ᠵᠤᠭ᠎ᠠ ᠴᠡᠩᠭᠡᠯ ᠤᠨ ᠲᠠᠯᠠᠪᠤᠷ ᠵᠡᠷᠭᠡ ᠣᠯᠠᠨ ᠨᠡᠶᠢᠲᠡ ᠶᠢᠨ ᠲᠠᠯᠠᠪᠤᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠵᠢᠴᠢ ᠭᠤᠣᠯᠳᠠᠯᠭ᠎ᠠ ᠲᠠᠢ ᠵᠠᠮ ᠤᠨ ᠲᠣᠭᠤᠷᠢᠨ ᠳᠤ ᠠᠮᠤᠷ ᠢ ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠬᠤᠯᠠᠭᠠᠶᠢᠯᠠᠬᠤ ᠪᠤᠯᠢᠶᠠᠬᠤ ᠡᠪᠳᠡᠬᠦ ᠠᠵᠢᠯᠯᠠᠭ᠎ᠠ ᠪᠠ ᠠᠮᠤᠷ ᠲᠦᠪᠰᠢᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠨ᠎ᠡ᠃    ᠠᠵᠢᠯᠯᠠᠭ᠎ᠠ ᠶᠢᠨ ᠣᠷᠣᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠭᠤᠣᠯᠳᠠᠯᠭ᠎ᠠ ᠲᠠᠢ ᠵᠠᠮ ᠤᠨ ᠬᠡᠰᠡᠭ ᠲᠤ ᠲᠦᠷ ᠴᠠᠭ ᠤᠨ ᠺᠠᠷᠲ ᠭᠠᠷᠭᠠᠵᠤ᠂ ᠨᠠᠰᠢ ᠴᠠᠰᠢ ᠥᠩᠭᠡᠷᠡᠬᠦ ᠲᠡᠷᠭᠡ ᠶᠢ ᠨᠢᠭᠡ ᠨᠢᠭᠡ ᠪᠠᠷ ᠪᠠᠶᠢᠴᠠᠭᠠᠵᠤ᠂ ᠬᠡᠲᠦ ᠲᠦᠷᠭᠡᠨ ᠳᠠᠪᠬᠢᠭᠤᠯᠬᠤ᠂ ᠬᠥᠮᠥᠨ ᠤ ᠲᠤᠭ᠎ᠠ ᠠᠴᠠ ᠬᠡᠲᠦᠷᠡᠭᠦᠯᠦᠨ ᠠᠶᠠᠨᠴᠢᠳ ᠢ ᠲᠡᠭᠡᠭᠡᠪᠦᠷᠢᠯᠡᠬᠦ᠂ ᠠᠷᠢᠬᠢ ᠤᠤᠭᠤᠵᠤ ᠰᠣᠭᠲᠣᠭᠤ ᠪᠠᠷ ᠲᠡᠷᠭᠡ ᠵᠢᠯᠤᠭᠤᠳᠬᠤ᠂ ᠬᠠᠤᠯᠢ ᠪᠤᠰᠤ ᠪᠠᠷ ᠥᠭᠡᠷᠡᠴᠢᠯᠡᠨ ᠤᠭᠰᠠᠷᠠᠬᠤ᠂ ᠠᠮᠤᠷ ᠲᠦᠪᠰᠢᠨ ᠤ ᠪᠦᠰᠡ ᠪᠦᠰᠡᠯᠡᠬᠦ ᠦᠭᠡᠢ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠶᠢᠨ ᠵᠠᠮ ᠬᠠᠷᠢᠯᠴᠠᠭᠠᠨ ᠤ ᠣᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ ᠬᠡᠰᠡᠭ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠭᠠᠵᠠᠷ ᠲᠤ ᠭᠦᠨᠵᠡᠭᠡᠶᠢᠷᠡᠨ᠂ ᠲᠠᠯᠠᠪᠤᠷ ᠭᠠᠵᠠᠷ ᠤᠨ ᠠᠵᠢᠯᠲᠠᠨ ᠪᠠ ᠵᠣᠴᠢᠳ ᠲᠤ ᠬᠤᠣᠷ ᠴᠠᠭᠠᠵᠠᠯᠠᠬᠤ ᠮᠡᠳᠡᠯᠭᠡ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ ᠬᠤᠣᠷᠲᠤ ᠡᠳ᠋ ᠢ ᠢᠯᠭᠠᠷᠠᠭᠤᠯᠤᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ ᠵᠤᠭ᠎ᠠ ᠴᠡᠩᠭᠡᠯ ᠤᠨ ᠲᠠᠯᠠᠪᠤᠷ ᠤᠨ ᠠᠵᠢᠯᠲᠠᠨ ᠳᠤ ᠰᠡᠷᠡᠮᠵᠢᠯᠡᠭᠦᠯᠵᠦ᠂ ᠬᠤᠣᠷ ᠴᠠᠭᠠᠵᠠᠯᠠᠬᠤ ᠬᠠᠤᠯᠢ ᠵᠢᠴᠢ ᠵᠤᠭ᠎ᠠ ᠴᠡᠩᠭᠡᠯ ᠤᠨ ᠲᠠᠯᠠᠪᠤᠷ ᠤᠨ ᠬᠠᠮᠢᠶᠠᠷᠤᠯᠲᠠ ᠶᠢᠨ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ᠂ ᠠᠵᠢᠯᠯᠠᠵᠤ ᠪᠠᠶᠢᠭ᠎ᠠ ᠬᠥᠮᠥᠰ ᠤᠨ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠶᠢ ᠵᠢᠷᠤᠮᠯᠠᠨ ᠡᠵᠡᠩᠨᠡᠵᠦ᠂ ᠬᠤᠣᠷᠲᠤ ᠡᠳ᠋ ᠲᠤ ᠬᠤᠯᠪᠣᠭᠳᠠᠭᠰᠠᠨ ᠬᠠᠤᠯᠢ   ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠴᠢᠩᠭ᠎ᠠ ᠴᠠᠭᠠᠵᠠᠯᠠᠨ᠎ᠠ᠃     ᠣᠶᠢᠯᠠᠭᠠᠭᠰᠠᠨ ᠢᠶᠠᠷ᠂ ᠲᠣᠰ ᠤᠳᠠᠭᠠᠨ ᠤ ︽ ᠬᠦᠨᠳᠦ ᠴᠣᠬᠢᠯᠳᠠ︾ ᠶᠢᠨ ᠠᠵᠢᠯᠯᠠᠭ᠎ᠠ ᠨᠢ ᠨᠡᠶᠢᠲᠡ 200 ᠭᠠᠷᠤᠢ ᠴᠠᠭᠳᠠᠭᠠᠨ ᠤ ᠬᠦᠴᠦᠨ᠂ 60 ᠭᠠᠷᠤᠢ ᠴᠠᠭᠳᠠᠭᠠᠨ ᠤ ᠲᠡᠷᠭᠡ ᠶᠢ ᠬᠥᠳᠡᠯᠭᠡᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠲᠦᠮᠵᠢᠲᠡᠶ ᠪᠠᠷ ᠰᠦᠷᠳᠡᠭᠦᠯᠦᠨ᠂ ᠪᠥᠬᠦ ᠤᠯᠤᠰ ᠤᠨ ᠬᠤᠶᠠᠷ ᠬᠤᠷᠠᠯ ᠤᠨ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠠᠮᠤᠷ ᠲᠦᠪᠰᠢᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号