ᠡᠷᠢᠶᠡᠨ ᠬᠤᠲᠠ᠄ ᠡᠯᠡᠰᠦ ᠮᠠᠩᠬᠠᠨ ᠠᠴᠠ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠲᠠ ᠬᠦᠷᠲᠡᠯᠡᠬᠢ ᠬᠤᠪᠢᠷᠠᠯᠲᠠ ᠶᠢᠨ ᠵᠠᠮ
ᠨᠡᠶᠢᠲᠡᠯᠡᠭᠰᠡᠨ ᠴᠠᠭ᠄
2023/3/6
     ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠤᠨ ᠡᠬᠢ ᠡᠭᠦᠰᠦᠯ ᠳᠤ ᠪᠠᠶᠢᠷᠢᠯᠠᠵᠤ᠂ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ ᠠᠮᠢᠰᠬᠤᠯ ᠪᠠ ᠭᠠᠩ ᠬᠠᠭᠤᠷᠠᠢ ᠡᠯᠡᠰᠦᠨ ᠴᠥᠯ ᠤᠨ ᠬᠡᠭᠡᠷ᠎ᠡ ᠲᠠᠯ᠎ᠠ ᠶᠢᠨ ᠠᠭᠤᠷ ᠠᠮᠢᠰᠬᠤᠯ ᠳᠤ ᠬᠠᠷᠢᠶᠠᠯᠠᠭᠳᠠᠵᠤ᠂ ᠵᠢᠯ ᠲᠤᠷᠰᠢ ᠭᠠᠩ ᠬᠠᠭᠤᠷᠠᠢ ᠪᠣᠷᠣᠭᠠᠨ ᠪᠠᠭ᠎ᠠ ᠪᠠᠶᠢᠵᠤ᠂ ᠣᠨᠴᠠᠭᠠᠶ ᠭᠠᠵᠠᠷ ᠵᠦᠢ ᠶᠢᠨ ᠪᠠᠶᠢᠷᠢᠯᠠᠯ ᠪᠠ ᠠᠭᠤᠷ ᠠᠮᠢᠰᠬᠤᠯ ᠤᠨ ᠨᠥᠬᠦᠴᠡᠯ ᠠᠴᠠ ᠪᠣᠯᠵᠤ ᠪᠡᠯᠴᠢᠭᠡᠷ ᠬᠦᠨᠳᠦ ᠨᠣᠴᠢᠲᠠᠢ ᠮᠠᠭᠤᠳᠠᠵᠤ᠂ ᠠᠮᠢ ᠠᠬᠤᠢ ᠶᠢᠨ ᠣᠷᠴᠢᠨ ᠲᠣᠭᠤᠷᠢᠨ ᠲᠤᠶᠢᠯ ᠤᠨ ᠬᠡᠪᠡᠷᠡᠭ ᠪᠠᠶᠢᠳᠠᠭ᠃
    ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠳᠣᠯᠠᠳᠠ᠂ ᠮᠠᠨ ᠤ ᠬᠤᠲᠠ ᠪᠣᠳᠠᠲᠤ ᠪᠠᠶᠢᠳᠠᠯ ᠢᠶᠠᠨ ᠦᠨᠳᠦᠰᠦᠯᠡᠨ ︽ᠮᠠᠯᠵᠢᠬᠤ ᠣᠷᠣᠨ ᠳᠤ ᠬᠠᠮᠠᠭᠠᠯᠠᠬᠤ ᠪᠠᠷ ᠭᠤᠣᠯ ᠪᠣᠯᠭᠠᠵᠤ᠂ ᠵᠣᠬᠢᠰᠲᠠᠢ ᠠᠰᠢᠭᠯᠠᠬᠤ᠂ ᠬᠤᠲᠠ ᠲᠣᠭᠤᠷᠢᠭ ᠤᠨ ᠣᠷᠴᠢᠨ ᠳᠤ ᠠᠮᠢ ᠠᠬᠤᠢ ᠶᠢᠨ ᠬᠠᠮᠠᠭᠠᠯᠠᠯᠲᠠ ᠶᠢᠨ ᠣᠶ ᠪᠠᠶᠢᠭᠤᠯᠬᠤ ᠪᠠᠷ ᠭᠤᠣᠯ ᠪᠣᠯᠭᠠᠵᠤ᠂ ᠭᠤᠣᠯᠳᠠᠯᠭ᠎ᠠ ᠲᠠᠢ ᠣᠷᠣᠨ ᠪᠦᠰᠡ ᠳᠤ ᠦᠵᠡᠮᠵᠢ ᠶᠢᠨ ᠬᠠᠮᠠᠭᠠᠯᠠᠯᠲᠠ ᠶᠢᠨ ᠣᠶ ᠪᠣᠶ ᠪᠣᠯᠭᠠᠬᠤ︾ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠡᠳᠬᠢᠮᠵᠢ ᠶᠢ ᠲᠣᠭᠲᠠᠭᠠᠬᠤ ᠶᠢᠨ ᠬᠠᠮᠲᠤ ᠳᠦᠷᠢᠮ ᠲᠣᠭᠲᠠᠭᠠᠯ ᠲᠣᠭᠲᠠᠭᠠᠬᠤ᠂ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ᠂ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠬᠦ ᠵᠡᠷᠭᠡ ᠲᠠᠯ᠎ᠠ ᠪᠠᠷ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠪᠣᠬᠢᠷᠳᠤᠯ ᠦᠭᠡᠢ ᠬᠥᠭᠵᠢᠯᠲᠡ ᠶᠢᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠪᠠ᠃      ᠨᠢᠭᠡ ᠳᠤ᠂ ᠳᠦᠷᠢᠮ ᠲᠣᠭᠲᠠᠭᠠᠯ ᠢᠶᠠᠷ ᠤᠳᠤᠷᠢᠳᠤᠮᠵᠢ ᠪᠣᠯᠭᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠵᠢᠴᠢ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 2006 ᠣᠨ ᠠᠴᠠ ᠡᠬᠢᠯᠡᠨ ︽ᠡᠷᠢᠶᠡᠨ ᠬᠤᠲᠠ ᠶᠢᠨ ᠠᠮᠢ ᠠᠬᠤᠢ ᠶᠢ ᠰᠡᠷᠭᠦᠭᠡᠬᠦ ᠮᠠᠯᠵᠢᠬᠤ ᠶᠢ ᠵᠣᠭᠰᠣᠭᠠᠬᠤ ᠬᠥᠮᠥᠨ ᠠᠮᠠ ᠶᠢ ᠰᠢᠯᠵᠢᠭᠦᠯᠬᠦ ᠶᠢ ᠬᠡᠷᠡᠭᠵᠢᠭᠦᠯᠬᠦ ᠠᠷᠭ᠎ᠠ︾ ︽ᠡᠷᠢᠶᠡᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠥᠯ ︵2021 ︱ 2025 ᠣᠨ︶︾ ︽2022 ᠣᠨ ᠤ ᠡᠷᠢᠶᠡᠨ ᠬᠤᠲᠠ ᠶᠢᠨ ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠬᠡᠷᠡᠭᠵᠢᠭᠦᠯᠬᠦ ᠲᠥᠰᠥᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ ᠬᠠᠮᠠᠭᠠᠯᠠᠪᠠ᠃      ᠬᠤᠶᠠᠷ ᠲᠤ᠂ ᠴᠢᠬᠤᠯᠠ ᠶᠡᠭᠡ ᠢᠨᠵᠧᠨᠧᠷᠢᠩ ᠢᠶᠠᠷ ᠭᠤᠣᠯᠳᠠᠯᠭ᠎ᠠ ᠪᠣᠯᠭᠠᠨ᠎ᠠ᠃ 2011 ᠣᠨ ᠠᠴᠠ 2020 ᠣᠨ ᠪᠣᠯᠲᠠᠯ᠎ᠠ᠂ ᠨᠡᠶᠢᠳᠡ 76.2 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠨ ᠪᠣᠶᠢᠵᠢᠭᠤᠯᠬᠤ᠂ ᠡᠯᠡᠰᠦ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ ᠶᠢ ᠪᠡᠶᠡᠯᠡᠭᠦᠯᠵᠦ᠂ ᠪᠡᠯᠴᠢᠭᠡᠷ ᠢ ᠵᠠᠰᠠᠭᠰᠠᠨ ᠲᠠᠯᠠᠪᠠᠢ ᠨᠡᠶᠢᠳᠡ 157.5 ᠲᠦᠮᠡᠨ ᠮᠦ ᠳᠤ ᠬᠦᠷᠴᠦ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠲᠠᠯᠠᠪᠠᠢ 175 ᠲᠦᠮᠡᠨ ᠮᠦ᠂ ᠮᠠᠯ ᠪᠡᠯᠴᠢᠭᠡᠷ ᠢ ᠲᠡᠩᠴᠡᠭᠦᠷᠢ ᠲᠠᠢ ᠪᠣᠯᠭᠠᠭᠰᠠᠨ ᠪᠡᠯᠴᠢᠭᠡᠷ ᠤᠨ ᠲᠠᠯᠠᠪᠠᠢ 327 ᠲᠦᠮᠡᠨ ᠮᠦ᠂ ᠵᠢᠵᠢᠭ ᠰᠠᠪᠠ ᠭᠠᠵᠠᠷ ᠢ ᠵᠠᠰᠠᠭᠰᠠᠨ ᠲᠠᠯᠠᠪᠠᠢ 12 ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ ᠡᠪᠡᠰᠦᠨ ᠤ ᠰᠦᠷᠦᠭᠵᠢᠯ ᠤᠨ ᠥᠨᠳᠥᠷ ᠤᠨ ᠬᠡᠮᠵᠢᠶ᠎ᠡ ᠶᠢ ᠳᠤᠮᠳᠠᠴᠢ ᠪᠠᠷ 2 ᠰᠠᠨᠲ᠋ᠢᠮᠧᠲᠷ ᠳᠡᠭᠡᠭᠰᠢᠯᠡᠭᠦᠯᠵᠦ᠂ ᠡᠪᠡᠰᠦᠨ ᠤ ᠰᠦᠷᠦᠭᠵᠢᠯ ᠤᠨ ᠪᠦᠷᠬᠦᠴᠡ ᠶᠢ ᠳᠤᠮᠳᠠᠴᠢ ᠪᠠᠷ 1.7% ᠪᠠᠷ ᠳᠡᠭᠡᠭᠰᠢᠯᠡᠭᠦᠯᠦᠨ᠎ᠡ᠃ ᠯᠢᠨ ᠾᠧ ︱ ᠴᠡᠭᠡ ᠪᠣᠭᠤᠮᠳᠠ ᠬᠦᠷᠬᠦ ᠲᠡᠮᠦᠷ ᠵᠠᠮ ᠤᠨ 80% ᠰᠢᠬᠠᠮ ᠤᠨ ᠱᠤᠭᠤᠮ ᠰᠢᠷ᠎ᠠ ᠡᠯᠡᠰᠦᠨ ᠳᠤ ᠪᠤᠯᠠᠭᠳᠠᠵᠤ᠂ 20 ᠰᠢᠬᠠᠮ ᠵᠢᠯ ᠤᠨ ᠰᠠᠯᠬᠢᠨ ᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠᠷ ᠳᠠᠮᠵᠢᠭᠠᠳ᠂ ᠡᠳᠦᠭᠡ ᠲᠡᠮᠦᠷ ᠵᠠᠮ ᠤᠨ ᠬᠤᠶᠠᠷ ᠲᠠᠯ᠎ᠠ ᠳᠤ ᠥᠷᠭᠡᠨ ᠢᠶᠠᠷ ᠢᠶᠠᠨ 64 ︱ 86  ᠮᠧᠲᠷ᠂ ᠤᠷᠲᠤ ᠪᠠᠷ ᠢᠶᠠᠨ 91.85 ᠺᠢᠯᠦᠮᠥᠲᠷ ᠪᠦᠬᠦᠢ ᠡᠯᠡᠰᠦ ᠶᠢ ᠵᠠᠰᠠᠬᠤ ᠬᠠᠮᠠᠭᠠᠯᠠᠯᠲᠠ ᠶᠢᠨ ᠤᠢ ᠶᠢᠨ ᠪᠦᠰᠡ ᠶᠢ ᠪᠠᠶᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ ᠰᠢᠭᠤᠳ ᠡᠷᠢᠶᠡᠨ ᠬᠤᠳᠠ ᠶᠢᠨ ᠦᠷᠳᠡᠭᠡ ᠳᠤ ᠨᠡᠪᠲᠡᠷᠡᠬᠦ ᠭᠠᠯᠲᠤ ᠲᠡᠷᠭᠡᠨ ᠳᠤ ᠪᠣᠬᠢᠷᠳᠤᠯ ᠦᠭᠡᠢ ᠠᠮᠤᠷ ᠲᠦᠪᠰᠢᠨ ᠤ ᠬᠠᠯᠬᠠᠪᠴᠢ ᠶᠢ ᠪᠣᠰᠬᠠᠵᠠᠢ᠃      ᠭᠤᠷᠪᠠ ᠳᠤ᠂ ᠬᠤᠯᠪᠤᠭᠠᠯᠠᠨ ᠡᠯᠡᠰᠦ ᠶᠢ ᠵᠠᠰᠠᠬᠤ ᠳᠤ ᠬᠥᠳᠡᠯᠭᠡᠭᠦᠷ ᠪᠣᠯᠭᠠᠨ᠎ᠠ᠃ ᠨᠢᠭᠡ ᠲᠠᠯ᠎ᠠ ᠪᠠᠷ ᠳᠤᠮᠳᠠᠳᠤ ᠮᠣᠩᠭᠤᠯ ᠤᠨ ᠬᠠᠮᠲᠤᠷᠠᠨ ᠡᠯᠡᠰᠦ   ᠶᠢ ᠵᠠᠰᠠᠬᠤ ᠵᠠᠮ ᠢᠶᠠᠷ ᠵᠠᠮᠨᠠᠵᠤ᠂ 2004 ᠣᠨ   ᠠᠴᠠ ᠡᠬᠢᠯᠡᠨ ᠡᠷᠢᠶᠡᠨ ᠬᠤᠲᠠ  ᠮᠣᠩᠭᠤᠯ ᠤᠯᠤᠰ ᠤᠨ ᠬᠢᠯᠢ ᠶᠢᠨ ᠵᠠᠭᠠᠭ ᠲᠠᠬᠢ ᠵᠠᠮ ᠤᠨ ᠡᠭᠦᠳᠡ ᠶᠢ ᠨᠣᠭᠤᠭᠠᠷᠠᠭᠤᠯᠬᠤ ᠳᠤ ᠬᠦᠴᠦ ᠨᠡᠮᠡᠷᠢᠯᠡᠵᠦ᠂ 2011 ᠣᠨ ᠳᠤ ᠪᠠᠰᠠ ᠮᠣᠩᠭᠤᠯ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ   ᠶᠢ ᠵᠠᠰᠠᠬᠤ ᠮᠡᠷᠭᠡᠵᠢᠯ ᠤᠨ ᠰᠤᠳᠤᠯᠤᠨ ᠰᠤᠷᠤᠯᠴᠠᠬᠤ ᠠᠩᠭᠢ ᠶᠢ ᠡᠷᠭᠢᠯᠡᠵᠡᠶ᠃ ᠨᠦᠭᠦᠭᠡ ᠲᠠᠯ᠎ᠠ ᠪᠠᠷ ᠬᠤᠯᠪᠣᠭᠳᠠᠯ ᠪᠦᠬᠦᠢ ᠨᠡᠶᠢᠭᠡᠮᠯᠢᠭ ᠢ ᠪᠠᠶᠢᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠪᠠᠲᠤᠯᠠᠭ᠎ᠠ ᠬᠠᠩᠭᠠᠨ᠎ᠠ᠃ 2012 ᠣᠨ ᠳᠤ᠂ ᠤᠷᠢᠳ ᠬᠤᠵᠢᠳ ᠡᠷᠢᠶᠡᠨ ᠬᠤᠳᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠨᠡᠶᠢᠭᠡᠮᠯᠢᠭ ᠢ ᠪᠠᠶᠢᠭᠤᠯᠪᠠ᠃     ᠳᠥᠷᠪᠡ ᠳᠤ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ ᠲᠦᠰᠢᠭ ᠪᠣᠯᠭᠠᠨ᠎ᠠ᠃ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠣᠯᠢᠮᠫᠢᠺ ᠤᠨ ᠰᠣᠶᠣᠯ ᠤᠨ ᠴᠡᠴᠡᠷᠯᠢᠭ᠂ ︽ᠨᠢᠭᠡ ᠪᠦᠰᠡ ᠨᠢᠭᠡ ᠵᠠᠮ︾ ᠤᠨ ᠴᠡᠴᠡᠷᠯᠢᠭ᠂ ᠢᠯᠢᠨ ᠦᠵᠡᠮᠵᠢ ᠶᠢᠨ ᠶᠡᠭᠡ ᠵᠠᠮ ᠵᠡᠷᠭᠡ 10 ᠭᠠᠷᠤᠢ ᠭᠤᠣᠯ ᠰᠡᠳᠦᠪᠲᠦ ᠨᠣᠭᠤᠭᠠᠨ ᠭᠠᠵᠠᠷ ᠤᠨ ᠴᠡᠴᠡᠷᠯᠢᠭ ᠢ ᠪᠠᠶᠢᠭᠤᠯᠵᠤ᠂ 300 ᠮᠧᠲᠷ ᠢ ᠨᠣᠭᠤᠭᠠᠷᠠᠭᠤᠯᠬᠤ᠂ 500 ᠮᠧᠲᠷ ᠢ ᠴᠡᠴᠡᠷᠯᠢᠭᠵᠢᠭᠦᠯᠬᠦ ᠬᠠᠷᠠᠯᠲᠠ ᠶᠢ ᠪᠡᠶᠡᠯᠡᠭᠦᠯᠵᠦ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7% ᠳᠤ ᠬᠥᠷᠪᠡ᠃ ᠤᠷᠢᠳ ᠬᠤᠵᠢᠳ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠡᠷᠢᠭᠦᠨ ᠤ ᠬᠤᠲᠠ᠂ ᠳᠤᠮᠳᠠᠳᠤ ᠤᠯᠤᠰ ᠤᠨ ᠠᠷᠪᠠᠨ ᠰᠢᠯᠢᠳᠡᠭ ᠪᠣᠬᠢᠷᠳᠤᠯ ᠦᠭᠡᠢ ᠬᠤᠲᠠ᠂ ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠵᠡᠷᠭᠡ ᠣᠯᠠᠨ ᠵᠦᠢᠯ ᠤᠨ ᠢᠷᠠᠭᠤ ᠠᠯᠳᠠᠷ ᠤᠨ ᠴᠣᠯᠠ ᠶᠢ ᠬᠦᠷᠲᠡᠵᠦ᠂ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠬᠤᠲᠠ︾ ᠶᠢᠨ ᠢᠷᠠᠭᠤ ᠠᠯᠳᠠᠷ ᠢ ᠭᠥᠷᠳᠡᠪᠡ᠃      ᠥᠩᠭᠡᠷᠡᠭᠰᠡᠨ ᠳᠤ ᠲᠡᠭᠷᠢ ᠲᠤᠯᠤᠮ᠎ᠠ ᠡᠯᠡᠰᠦ ᠰᠢᠷᠣᠢ ᠲᠠᠢ ᠪᠠᠶᠢᠭᠰᠠᠨ ᠬᠢᠯᠢ ᠬᠢᠵᠠᠭᠠᠷ ᠤᠨ ᠵᠢᠵᠢᠭ ᠬᠤᠲᠠ ᠨᠢ ᠬᠡᠳᠦᠨ ᠠᠷᠪᠠᠨ ᠵᠢᠯ ᠤᠨ ᠰᠠᠯᠬᠢᠨ ᠢ ᠬᠠᠯᠬᠠᠯᠠᠨ ᠡᠯᠡᠰᠦ ᠶᠢ ᠵᠠᠰᠠᠬᠤ ᠪᠠᠷ ᠳᠡᠮᠵᠢᠨ᠂ ᠣᠲᠣ ᠨᠢᠭᠡᠨᠲᠡ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠴᠡᠷᠯᠢᠭ ᠤᠨ ᠪᠣᠭᠤᠮᠲᠠ ᠬᠤᠲᠠ ᠪᠣᠯᠤᠭᠰᠠᠨ ᠪᠠᠶᠢᠨ᠎ᠠ᠃ ᠬᠤᠶᠢᠰᠢᠳᠠ᠂ ᠨᠣᠭᠤᠭᠠᠨ ᠥᠩᠭᠡ ᠶᠢ ᠬᠠᠮᠠᠭᠠᠯᠠᠬᠤ᠂ ᠨᠣᠭᠤᠭᠠᠨ ᠥᠩᠭᠡ ᠶᠢ ᠬᠠᠶᠢᠷᠠᠯᠠᠬᠤ᠂ ᠨᠣᠭᠤᠭᠠᠨ ᠥᠩᠭᠡ ᠶᠢ ᠬᠥᠭᠡᠭᠡᠴᠡᠯᠳᠦᠬᠦ ᠨᠢ ᠬᠢᠯᠢ ᠶᠢᠨ ᠬᠤᠳᠠ ᠶᠢᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠪᠣᠯᠵᠤ᠂ ᠨᠣᠭᠤᠭᠠᠨ ᠥᠩᠭᠡ ᠨᠢ ᠡᠷᠢᠶᠡᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠨᠡᠩ ᠪᠠᠲᠤ᠂ ᠨᠡᠩ ᠵᠤᠵᠠᠭᠠᠨ᠂ ᠨᠡᠩ ᠦᠵᠡᠰᠬᠦᠯᠡᠩᠲᠦ ᠰᠠᠶᠢᠬᠠᠨ ᠰᠠᠭᠤᠷᠢ ᠥᠩᠭᠡ ᠪᠣᠯᠬᠤ ᠪᠣᠯᠣᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号