ᠡᠷᠢᠶᠡᠨ ᠬᠤᠲᠠ᠄ ᠡᠯᠡᠰᠦ ᠮᠠᠩᠬᠠᠨ ᠠᠴᠠ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠰᠡᠨ ᠬᠤᠲᠠ ᠬᠦᠷᠲᠡᠯᠡᠬᠢ | ᠬᠤᠪᠢᠷᠠᠯᠲᠠ ᠶᠢᠨ ᠵᠠᠮ | ᠮᠠᠨ ᠤ ᠬᠤᠲᠠ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠪᠠᠷᠠᠭᠤᠨ ᠬᠡᠰᠡᠭ ᠤᠨ ᠡᠬᠢ | ᠡᠭᠦᠰᠦᠯ ᠳᠤ ᠪᠠᠶᠢᠷᠢᠯᠠᠵᠤ᠂ ᠰᠡᠷᠢᠭᠦᠨ ᠪᠦᠰᠡ ᠶᠢᠨ ᠡᠬᠡ ᠭᠠᠵᠠᠷ ᠤᠨ ᠴᠢᠨᠠᠷᠲᠠᠢ ᠤᠯᠠᠷᠢᠯ ᠤᠨ ᠰᠠᠯᠬᠢᠨ ᠤ ᠠᠭᠤᠷ | ᠠᠮᠢᠰᠬᠤᠯ ᠪᠠ ᠭᠠᠩ ᠬᠠᠭᠤᠷᠠᠢ ᠡᠯᠡᠰᠦᠨ ᠴᠥᠯ ᠤᠨ ᠬᠡᠭᠡᠷ᠎ᠡ ᠲᠠᠯ᠎ᠠ ᠶᠢᠨ ᠠᠭᠤᠷ ᠠᠮᠢᠰᠬᠤᠯ ᠳᠤ ᠬᠠᠷᠢᠶᠠᠯᠠᠭᠳᠠᠵᠤ᠂ | ᠵᠢᠯ ᠲᠤᠷᠰᠢ ᠭᠠᠩ ᠬᠠᠭᠤᠷᠠᠢ ᠪᠣᠷᠣᠭᠠᠨ ᠪᠠᠭ᠎ᠠ ᠪᠠᠶᠢᠵᠤ᠂ ᠣᠨᠴᠠᠭᠠᠶ ᠭᠠᠵᠠᠷ ᠵᠦᠢ ᠶᠢᠨ ᠪᠠᠶᠢᠷᠢᠯᠠᠯ ᠪᠠ ᠠᠭᠤᠷ | ᠠᠮᠢᠰᠬᠤᠯ ᠤᠨ ᠨᠥᠬᠦᠴᠡᠯ ᠠᠴᠠ ᠪᠣᠯᠵᠤ ᠪᠡᠯᠴᠢᠭᠡᠷ ᠬᠦᠨᠳᠦ ᠨᠣᠴᠢᠲᠠᠢ ᠮᠠᠭᠤᠳᠠᠵᠤ᠂ ᠠᠮᠢ ᠠᠬᠤᠢ ᠶᠢᠨ ᠣᠷᠴᠢᠨ | ᠲᠣᠭᠤᠷᠢᠨ ᠲᠤᠶᠢᠯ ᠤᠨ ᠬᠡᠪᠡᠷᠡᠭ ᠪᠠᠶᠢᠳᠠᠭ᠃ | ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢᠨ ᠳᠣᠯᠠᠳᠠ᠂ ᠮᠠᠨ ᠤ ᠬᠤᠲᠠ ᠪᠣᠳᠠᠲᠤ | ᠪᠠᠶᠢᠳᠠᠯ ᠢᠶᠠᠨ ᠦᠨᠳᠦᠰᠦᠯᠡᠨ ︽ᠮᠠᠯᠵᠢᠬᠤ ᠣᠷᠣᠨ ᠳᠤ ᠬᠠᠮᠠᠭᠠᠯᠠᠬᠤ ᠪᠠᠷ ᠭᠤᠣᠯ ᠪᠣᠯᠭᠠᠵᠤ᠂ ᠵᠣᠬᠢᠰᠲᠠᠢ | ᠠᠰᠢᠭᠯᠠᠬᠤ᠂ ᠬᠤᠲᠠ ᠲᠣᠭᠤᠷᠢᠭ ᠤᠨ ᠣᠷᠴᠢᠨ ᠳᠤ ᠠᠮᠢ ᠠᠬᠤᠢ ᠶᠢᠨ ᠬᠠᠮᠠᠭᠠᠯᠠᠯᠲᠠ ᠶᠢᠨ ᠣᠶ ᠪᠠᠶᠢᠭᠤᠯᠬᠤ ᠪᠠᠷ | ᠭᠤᠣᠯ ᠪᠣᠯᠭᠠᠵᠤ᠂ ᠭᠤᠣᠯᠳᠠᠯᠭ᠎ᠠ ᠲᠠᠢ ᠣᠷᠣᠨ ᠪᠦᠰᠡ ᠳᠤ ᠦᠵᠡᠮᠵᠢ ᠶᠢᠨ ᠬᠠᠮᠠᠭᠠᠯᠠᠯᠲᠠ ᠶᠢᠨ ᠣᠶ ᠪᠣᠶ ᠪᠣᠯᠭᠠᠬᠤ︾ | ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠡᠳᠬᠢᠮᠵᠢ ᠶᠢ ᠲᠣᠭᠲᠠᠭᠠᠬᠤ ᠶᠢᠨ ᠬᠠᠮᠲᠤ ᠳᠦᠷᠢᠮ | ᠲᠣᠭᠲᠠᠭᠠᠯ ᠲᠣᠭᠲᠠᠭᠠᠬᠤ᠂ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ᠂ ᠣᠯᠠᠨ ᠲᠠᠯ᠎ᠠ ᠪᠠᠷ ᠬᠤᠯᠪᠤᠭᠠᠯᠠᠨ | ᠬᠥᠳᠡᠯᠦᠯᠴᠡᠬᠦ ᠵᠡᠷᠭᠡ ᠲᠠᠯ᠎ᠠ ᠪᠠᠷ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ᠂ ᠪᠣᠬᠢᠷᠳᠤᠯ ᠦᠭᠡᠢ | ᠬᠥᠭᠵᠢᠯᠲᠡ ᠶᠢᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠪᠠ᠃ | ᠨᠢᠭᠡ ᠳᠤ᠂ ᠳᠦᠷᠢᠮ ᠲᠣᠭᠲᠠᠭᠠᠯ ᠢᠶᠠᠷ ᠤᠳᠤᠷᠢᠳᠤᠮᠵᠢ ᠪᠣᠯᠭᠠᠨ᠎ᠠ᠃ ᠪᠡᠯᠴᠢᠭᠡᠷᠯᠡᠭᠦᠯᠬᠦ ᠶᠢ ᠵᠣᠭᠰᠤᠭᠠᠬᠤ᠂ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠯ ᠨᠥᠬᠦᠪᠦᠷᠢ ᠵᠢᠴᠢ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ 2006 | ᠣᠨ ᠠᠴᠠ ᠡᠬᠢᠯᠡᠨ ︽ᠡᠷᠢᠶᠡᠨ ᠬᠤᠲᠠ ᠶᠢᠨ ᠠᠮᠢ ᠠᠬᠤᠢ ᠶᠢ ᠰᠡᠷᠭᠦᠭᠡᠬᠦ ᠮᠠᠯᠵᠢᠬᠤ ᠶᠢ ᠵᠣᠭᠰᠣᠭᠠᠬᠤ ᠬᠥᠮᠥᠨ | ᠠᠮᠠ ᠶᠢ ᠰᠢᠯᠵᠢᠭᠦᠯᠬᠦ ᠶᠢ ᠬᠡᠷᠡᠭᠵᠢᠭᠦᠯᠬᠦ ᠠᠷᠭ᠎ᠠ︾ ︽ᠡᠷᠢᠶᠡᠨ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ | ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠬᠦ ᠲᠥᠰᠥᠯ ︵2021 ︱ 2025 ᠣᠨ︶︾ ︽2022 ᠣᠨ ᠤ ᠡᠷᠢᠶᠡᠨ ᠬᠤᠲᠠ ᠶᠢᠨ | ᠬᠠᠪᠤᠷ ᠤᠨ ᠤᠯᠠᠷᠢᠯ ᠤᠨ ᠡᠪᠡᠰᠦ ᠪᠡᠯᠴᠢᠭᠡᠷ ᠢ ᠨᠣᠭᠤᠭᠠᠷᠠᠭᠤᠯᠬᠤ ᠬᠤᠭᠤᠴᠠᠭᠠᠨ ᠳᠤ ᠪᠡᠯᠴᠢᠭᠡᠷᠯᠡᠭᠦᠯᠬᠦ ᠶᠢ | ᠵᠣᠭᠰᠤᠭᠠᠬᠤ ᠶᠢ ᠬᠡᠷᠡᠭᠵᠢᠭᠦᠯᠬᠦ ᠲᠥᠰᠥᠯ︾ ᠵᠡᠷᠭᠡ ᠠᠯᠢ ᠣᠯᠠᠨ ᠲᠥᠷᠥ ᠶᠢᠨ ᠪᠣᠳᠣᠯᠭ᠎ᠠ ᠶᠢᠨ ᠪᠢᠴᠢᠭ | ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠥᠬᠦ ᠬᠤᠲᠠ ᠶᠢᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠢ | ᠬᠠᠮᠠᠭᠠᠯᠠᠪᠠ᠃ | ᠬᠤᠶᠠᠷ ᠲᠤ᠂ ᠴᠢᠬᠤᠯᠠ ᠶᠡᠭᠡ ᠢᠨᠵᠧᠨᠧᠷᠢᠩ ᠢᠶᠠᠷ ᠭᠤᠣᠯᠳᠠᠯᠭ᠎ᠠ ᠪᠣᠯᠭᠠᠨ᠎ᠠ᠃ 2011 ᠣᠨ ᠠᠴᠠ | 2020 ᠣᠨ ᠪᠣᠯᠲᠠᠯ᠎ᠠ᠂ ᠨᠡᠶᠢᠳᠡ 76.2 ᠲᠦᠮᠡᠨ ᠮᠦ ᠶᠢ ᠬᠦᠷᠢᠶᠡᠯᠡᠨ ᠪᠢᠲᠡᠭᠦᠮᠵᠢᠯᠡᠨ ᠪᠣᠶᠢᠵᠢᠭᠤᠯᠬᠤ᠂ | ᠡᠯᠡᠰᠦ ᠶᠢ ᠪᠢᠲᠡᠭᠦᠮᠵᠢᠯᠡᠨ ᠤᠢ ᠮᠣᠳᠣ ᠪᠣᠶᠢᠵᠢᠭᠤᠯᠬᠤ ᠶᠢ ᠪᠡᠶᠡᠯᠡᠭᠦᠯᠵᠦ᠂ ᠪᠡᠯᠴᠢᠭᠡᠷ ᠢ ᠵᠠᠰᠠᠭᠰᠠᠨ ᠲᠠᠯᠠᠪᠠᠢ ᠨᠡᠶᠢᠳᠡ | 157.5 ᠲᠦᠮᠡᠨ ᠮᠦ ᠳᠤ ᠬᠦᠷᠴᠦ᠂ ᠪᠡᠯᠴᠢᠭᠡᠷᠯᠡᠭᠦᠯᠬᠦ ᠶᠢ ᠵᠣᠭᠰᠣᠭᠠᠭᠰᠠᠨ ᠲᠠᠯᠠᠪᠠᠢ 175 ᠲᠦᠮᠡᠨ ᠮᠦ᠂ ᠮᠠᠯ | ᠪᠡᠯᠴᠢᠭᠡᠷ ᠢ ᠲᠡᠩᠴᠡᠭᠦᠷᠢ ᠲᠠᠢ ᠪᠣᠯᠭᠠᠭᠰᠠᠨ ᠪᠡᠯᠴᠢᠭᠡᠷ ᠤᠨ ᠲᠠᠯᠠᠪᠠᠢ 327 ᠲᠦᠮᠡᠨ ᠮᠦ᠂ ᠵᠢᠵᠢᠭ ᠰᠠᠪᠠ ᠭᠠᠵᠠᠷ ᠢ | ᠵᠠᠰᠠᠭᠰᠠᠨ ᠲᠠᠯᠠᠪᠠᠢ 12 ᠲᠡᠭᠰᠢ ᠳᠥᠷᠪᠡᠯᠵᠢᠨ ᠺᠢᠯᠣᠮᠧᠲᠷ ᠲᠤ ᠬᠦᠷᠪᠡ᠃ ᠡᠪᠡᠰᠦᠨ ᠤ ᠰᠦᠷᠦᠭᠵᠢᠯ ᠤᠨ | ᠥᠨᠳᠥᠷ ᠤᠨ ᠬᠡᠮᠵᠢᠶ᠎ᠡ ᠶᠢ ᠳᠤᠮᠳᠠᠴᠢ ᠪᠠᠷ 2 ᠰᠠᠨᠲ᠋ᠢᠮᠧᠲᠷ ᠳᠡᠭᠡᠭᠰᠢᠯᠡᠭᠦᠯᠵᠦ᠂ ᠡᠪᠡᠰᠦᠨ ᠤ ᠰᠦᠷᠦᠭᠵᠢᠯ ᠤᠨ | ᠪᠦᠷᠬᠦᠴᠡ ᠶᠢ ᠳᠤᠮᠳᠠᠴᠢ ᠪᠠᠷ 1.7% ᠪᠠᠷ ᠳᠡᠭᠡᠭᠰᠢᠯᠡᠭᠦᠯᠦᠨ᠎ᠡ᠃ ᠯᠢᠨ ᠾᠧ ︱ ᠴᠡᠭᠡ ᠪᠣᠭᠤᠮᠳᠠ ᠬᠦᠷᠬᠦ ᠲᠡᠮᠦᠷ | ᠵᠠᠮ ᠤᠨ 80% ᠰᠢᠬᠠᠮ ᠤᠨ ᠱᠤᠭᠤᠮ ᠰᠢᠷ᠎ᠠ ᠡᠯᠡᠰᠦᠨ ᠳᠤ ᠪᠤᠯᠠᠭᠳᠠᠵᠤ᠂ 20 ᠰᠢᠬᠠᠮ ᠵᠢᠯ ᠤᠨ ᠰᠠᠯᠬᠢᠨ ᠢ | ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠪᠠᠷ ᠳᠠᠮᠵᠢᠭᠠᠳ᠂ ᠡᠳᠦᠭᠡ ᠲᠡᠮᠦᠷ ᠵᠠᠮ ᠤᠨ ᠬᠤᠶᠠᠷ ᠲᠠᠯ᠎ᠠ ᠳᠤ | ᠥᠷᠭᠡᠨ ᠢᠶᠠᠷ ᠢᠶᠠᠨ 64 ︱ 86 ᠮᠧᠲᠷ᠂ ᠤᠷᠲᠤ ᠪᠠᠷ ᠢᠶᠠᠨ 91.85 ᠺᠢᠯᠦᠮᠥᠲᠷ ᠪᠦᠬᠦᠢ ᠡᠯᠡᠰᠦ ᠶᠢ ᠵᠠᠰᠠᠬᠤ | ᠬᠠᠮᠠᠭᠠᠯᠠᠯᠲᠠ ᠶᠢᠨ ᠤᠢ ᠶᠢᠨ ᠪᠦᠰᠡ ᠶᠢ ᠪᠠᠶᠢᠭᠤᠯᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢᠶᠠᠷ | ᠰᠢᠭᠤᠳ ᠡᠷᠢᠶᠡᠨ ᠬᠤᠳᠠ ᠶᠢᠨ ᠦᠷᠳᠡᠭᠡ ᠳᠤ ᠨᠡᠪᠲᠡᠷᠡᠬᠦ ᠭᠠᠯᠲᠤ ᠲᠡᠷᠭᠡᠨ ᠳᠤ ᠪᠣᠬᠢᠷᠳᠤᠯ ᠦᠭᠡᠢ ᠠᠮᠤᠷ | ᠲᠦᠪᠰᠢᠨ ᠤ ᠬᠠᠯᠬᠠᠪᠴᠢ ᠶᠢ ᠪᠣᠰᠬᠠᠵᠠᠢ᠃ | ᠭᠤᠷᠪᠠ ᠳᠤ᠂ ᠬᠤᠯᠪᠤᠭᠠᠯᠠᠨ ᠡᠯᠡᠰᠦ ᠶᠢ ᠵᠠᠰᠠᠬᠤ ᠳᠤ ᠬᠥᠳᠡᠯᠭᠡᠭᠦᠷ ᠪᠣᠯᠭᠠᠨ᠎ᠠ᠃ ᠨᠢᠭᠡ ᠲᠠᠯ᠎ᠠ ᠪᠠᠷ | ᠳᠤᠮᠳᠠᠳᠤ ᠮᠣᠩᠭᠤᠯ ᠤᠨ ᠬᠠᠮᠲᠤᠷᠠᠨ ᠡᠯᠡᠰᠦ ᠶᠢ ᠵᠠᠰᠠᠬᠤ ᠵᠠᠮ ᠢᠶᠠᠷ ᠵᠠᠮᠨᠠᠵᠤ᠂ 2004 ᠣᠨ ᠠᠴᠠ ᠡᠬᠢᠯᠡᠨ | ᠡᠷᠢᠶᠡᠨ ᠬᠤᠲᠠ ᠮᠣᠩᠭᠤᠯ ᠤᠯᠤᠰ ᠤᠨ ᠬᠢᠯᠢ ᠶᠢᠨ ᠵᠠᠭᠠᠭ ᠲᠠᠬᠢ ᠵᠠᠮ ᠤᠨ ᠡᠭᠦᠳᠡ ᠶᠢ ᠨᠣᠭᠤᠭᠠᠷᠠᠭᠤᠯᠬᠤ ᠳᠤ | ᠬᠦᠴᠦ ᠨᠡᠮᠡᠷᠢᠯᠡᠵᠦ᠂ 2011 ᠣᠨ ᠳᠤ ᠪᠠᠰᠠ ᠮᠣᠩᠭᠤᠯ ᠤᠯᠤᠰ ᠤᠨ ᠡᠯᠡᠰᠦ ᠶᠢ ᠰᠡᠷᠭᠡᠶᠢᠯᠡᠨ ᠡᠯᠡᠰᠦ ᠶᠢ | ᠵᠠᠰᠠᠬᠤ ᠮᠡᠷᠭᠡᠵᠢᠯ ᠤᠨ ᠰᠤᠳᠤᠯᠤᠨ ᠰᠤᠷᠤᠯᠴᠠᠬᠤ ᠠᠩᠭᠢ ᠶᠢ ᠡᠷᠭᠢᠯᠡᠵᠡᠶ᠃ ᠨᠦᠭᠦᠭᠡ ᠲᠠᠯ᠎ᠠ ᠪᠠᠷ ᠬᠤᠯᠪᠣᠭᠳᠠᠯ | ᠪᠦᠬᠦᠢ ᠨᠡᠶᠢᠭᠡᠮᠯᠢᠭ ᠢ ᠪᠠᠶᠢᠭᠤᠯᠵᠤ᠂ ᠡᠯᠡᠰᠦᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ ᠳᠤ ᠪᠠᠲᠤᠯᠠᠭ᠎ᠠ | ᠬᠠᠩᠭᠠᠨ᠎ᠠ᠃ 2012 ᠣᠨ ᠳᠤ᠂ ᠤᠷᠢᠳ ᠬᠤᠵᠢᠳ ᠡᠷᠢᠶᠡᠨ ᠬᠤᠳᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ᠂ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠨᠡᠶᠢᠭᠡᠮᠯᠢᠭ ᠢ ᠪᠠᠶᠢᠭᠤᠯᠪᠠ | ᠃ | ᠳᠥᠷᠪᠡ ᠳᠤ᠂ ᠬᠤᠲᠠ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠᠷ | ᠲᠦᠰᠢᠭ ᠪᠣᠯᠭᠠᠨ᠎ᠠ᠃ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠣᠯᠢᠮᠫᠢᠺ ᠤᠨ ᠰᠣᠶᠣᠯ ᠤᠨ ᠴᠡᠴᠡᠷᠯᠢᠭ᠂ ︽ᠨᠢᠭᠡ ᠪᠦᠰᠡ ᠨᠢᠭᠡ ᠵᠠᠮ︾ ᠤᠨ ᠴᠡᠴᠡᠷᠯᠢᠭ᠂ | ᠢᠯᠢᠨ ᠦᠵᠡᠮᠵᠢ ᠶᠢᠨ ᠶᠡᠭᠡ ᠵᠠᠮ ᠵᠡᠷᠭᠡ 10 ᠭᠠᠷᠤᠢ ᠭᠤᠣᠯ ᠰᠡᠳᠦᠪᠲᠦ ᠨᠣᠭᠤᠭᠠᠨ ᠭᠠᠵᠠᠷ ᠤᠨ ᠴᠡᠴᠡᠷᠯᠢᠭ ᠢ | ᠪᠠᠶᠢᠭᠤᠯᠵᠤ᠂ 300 ᠮᠧᠲᠷ ᠢ ᠨᠣᠭᠤᠭᠠᠷᠠᠭᠤᠯᠬᠤ᠂ 500 ᠮᠧᠲᠷ ᠢ ᠴᠡᠴᠡᠷᠯᠢᠭᠵᠢᠭᠦᠯᠬᠦ ᠬᠠᠷᠠᠯᠲᠠ ᠶᠢ ᠪᠡᠶᠡᠯᠡᠭᠦᠯᠵᠦ | ᠂ ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 38.7% ᠳᠤ ᠬᠥᠷᠪᠡ᠃ | ᠤᠷᠢᠳ ᠬᠤᠵᠢᠳ ᠪᠥᠬᠦ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠡᠷᠢᠭᠦᠨ ᠤ ᠬᠤᠲᠠ᠂ ᠳᠤᠮᠳᠠᠳᠤ | ᠤᠯᠤᠰ ᠤᠨ ᠠᠷᠪᠠᠨ ᠰᠢᠯᠢᠳᠡᠭ ᠪᠣᠬᠢᠷᠳᠤᠯ ᠦᠭᠡᠢ ᠬᠤᠲᠠ᠂ ᠳᠤᠮᠳᠠᠳᠤ ᠤᠯᠤᠰ ᠤᠨ ᠣᠷᠣᠰᠢᠨ ᠰᠠᠭᠤᠬᠤ ᠣᠷᠴᠢᠨ | ᠨᠥᠬᠦᠴᠡᠯ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠵᠡᠷᠭᠡ ᠣᠯᠠᠨ ᠵᠦᠢᠯ ᠤᠨ ᠢᠷᠠᠭᠤ | ᠠᠯᠳᠠᠷ ᠤᠨ ᠴᠣᠯᠠ ᠶᠢ ᠬᠦᠷᠲᠡᠵᠦ᠂ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠬᠤᠲᠠ︾ ᠶᠢᠨ ᠢᠷᠠᠭᠤ | ᠠᠯᠳᠠᠷ ᠢ ᠭᠥᠷᠳᠡᠪᠡ᠃ | ᠥᠩᠭᠡᠷᠡᠭᠰᠡᠨ ᠳᠤ ᠲᠡᠭᠷᠢ ᠲᠤᠯᠤᠮ᠎ᠠ ᠡᠯᠡᠰᠦ ᠰᠢᠷᠣᠢ ᠲᠠᠢ ᠪᠠᠶᠢᠭᠰᠠᠨ ᠬᠢᠯᠢ ᠬᠢᠵᠠᠭᠠᠷ ᠤᠨ ᠵᠢᠵᠢᠭ ᠬᠤᠲᠠ ᠨᠢ | ᠬᠡᠳᠦᠨ ᠠᠷᠪᠠᠨ ᠵᠢᠯ ᠤᠨ ᠰᠠᠯᠬᠢᠨ ᠢ ᠬᠠᠯᠬᠠᠯᠠᠨ ᠡᠯᠡᠰᠦ ᠶᠢ ᠵᠠᠰᠠᠬᠤ ᠪᠠᠷ ᠳᠡᠮᠵᠢᠨ᠂ ᠣᠲᠣ ᠨᠢᠭᠡᠨᠲᠡ ᠣᠷᠣᠰᠢᠨ | ᠰᠠᠭᠤᠬᠤ ᠳᠤ ᠲᠣᠬᠢᠷᠠᠮᠵᠢᠲᠠᠢ ᠴᠡᠴᠡᠷᠯᠢᠭ ᠤᠨ ᠪᠣᠭᠤᠮᠲᠠ ᠬᠤᠲᠠ ᠪᠣᠯᠤᠭᠰᠠᠨ ᠪᠠᠶᠢᠨ᠎ᠠ᠃ ᠬᠤᠶᠢᠰᠢᠳᠠ᠂ ᠨᠣᠭᠤᠭᠠᠨ | ᠥᠩᠭᠡ ᠶᠢ ᠬᠠᠮᠠᠭᠠᠯᠠᠬᠤ᠂ ᠨᠣᠭᠤᠭᠠᠨ ᠥᠩᠭᠡ ᠶᠢ ᠬᠠᠶᠢᠷᠠᠯᠠᠬᠤ᠂ ᠨᠣᠭᠤᠭᠠᠨ ᠥᠩᠭᠡ ᠶᠢ ᠬᠥᠭᠡᠭᠡᠴᠡᠯᠳᠦᠬᠦ ᠨᠢ | ᠬᠢᠯᠢ ᠶᠢᠨ ᠬᠤᠳᠠ ᠶᠢᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠪᠣᠯᠵᠤ᠂ ᠨᠣᠭᠤᠭᠠᠨ ᠥᠩᠭᠡ ᠨᠢ ᠡᠷᠢᠶᠡᠨ | ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠨᠡᠩ ᠪᠠᠲᠤ᠂ ᠨᠡᠩ ᠵᠤᠵᠠᠭᠠᠨ᠂ ᠨᠡᠩ ᠦᠵᠡᠰᠬᠦᠯᠡᠩᠲᠦ ᠰᠠᠶᠢᠬᠠᠨ | ᠰᠠᠭᠤᠷᠢ ᠥᠩᠭᠡ ᠪᠣᠯᠬᠤ ᠪᠣᠯᠣᠨ᠎ᠠ᠃ | | |