ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠠᠬᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 500 ᠴᠤᠪᠤᠭ᠎ᠠ ᠲᠡᠷᠭᠡ ᠶᠢ ᠠᠮᠵᠢᠯᠲᠠ ᠲᠠᠢ ᠰᠢᠪᠲᠤᠯᠪᠠ
ᠨᠡᠶᠢᠲᠡᠯᠡᠭᠰᠡᠨ ᠴᠠᠭ᠄
2023/3/6
    3 ᠰᠠᠷ᠎ᠠ ᠶᠢᠨ 4  ᠤ ᠡᠳᠦᠷ᠂ 40 ᠹᠦᠲ ᠴᠢᠩᠭᠡᠯᠢᠭ ᠢ ᠳᠦᠭᠦᠷᠲᠡᠯ᠎ᠡ ᠠᠴᠢᠭᠰᠠᠨ ᠳᠤᠮᠳᠠᠳᠤ ᠡᠸᠦ᠋ᠷᠦᠫᠡ ᠶᠢᠨ 55 ᠵᠢᠰᠢᠶᠠᠨ ᠤ ᠭᠠᠯᠲᠤ ᠲᠡᠷᠭᠡ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠪᠠᠷ ᠤᠯᠤᠰ ᠤᠨ ᠡᠭᠦᠳᠡ ᠪᠠᠷ ᠠᠯᠭᠤᠷᠬᠠᠨ ᠢᠶᠠᠷ ᠭᠠᠷᠴᠤ᠂ ᠭᠧᠷᠮᠠᠨ ᠤ ᠬᠠᠮᠪᠦᠶᠢᠷᠡᠭ ᠲᠤ ᠬᠦᠷᠪᠡ᠃ ᠡᠨᠡ ᠨᠢ ᠮᠥᠨ ᠴᠦ ᠡᠨᠡ ᠵᠢᠯ ᠤᠨ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠳᠤ ᠵᠠᠯᠭᠠᠨ ᠲᠡᠭᠡᠭᠡᠪᠦᠷᠢᠯᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ 500 ᠴᠤᠪᠤᠭ᠎ᠠ ᠲᠡᠷᠭᠡ ᠶᠢ ᠤᠷᠤᠭᠰᠢᠲᠠᠢ ᠪᠠᠷ ᠳᠠᠪᠠᠭᠰᠠᠨ ᠢ ᠬᠠᠷᠠᠭᠤᠯᠵᠤ ᠪᠠᠶᠢᠨ᠎ᠠ᠃      ᠵᠢᠯ ᠡᠬᠢᠯᠡᠭᠰᠡᠨ ᠠᠴᠠ ᠨᠠᠰᠢ᠂ ᠲᠠᠰᠤᠷᠠᠯᠲᠠ ᠦᠭᠡᠢ ᠳᠡᠭᠡᠭᠰᠢᠯᠡᠵᠦ ᠪᠠᠶᠢᠭ᠎ᠠ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠪᠠ ᠨᠡᠮᠡᠭᠳᠡᠯ ᠢᠶᠠᠷ ᠴᠢᠩᠭ᠎ᠠ ᠪᠠᠶᠢᠭ᠎ᠠ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠶᠢᠳᠠᠯ ᠤᠨ ᠡᠮᠦᠨ᠎ᠡ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠬᠢᠨ ᠳᠤᠮᠳᠠᠳᠤ ᠡᠸᠦ᠋ᠷᠦᠫᠡ ᠶᠢᠨ ᠡᠭᠡᠯᠵᠢᠨ ᠤ ᠴᠤᠪᠤᠭ᠎ᠠ ᠲᠡᠷᠭᠡ ᠶᠢᠨ ᠠᠶᠠᠯᠠᠯ ᠳᠤ ᠢᠳᠡᠪᠬᠢᠲᠡᠢ ᠪᠠᠷ ︽ᠰᠠᠭᠠᠳ ᠦᠭᠡᠢ ᠨᠡᠪᠲᠡᠷᠡᠬᠦ ᠵᠠᠮ︾ ᠢ ᠨᠡᠭᠡᠭᠡᠨ ᠥᠭᠴᠦ᠂ ᠤᠷᠢᠳᠠᠪᠠᠷ ᠵᠣᠬᠢᠶᠠᠨ ᠪᠠᠶᠢᠭᠤᠯᠬᠤ᠂ ᠤᠷᠢᠳᠠᠪᠠᠷ ᠭᠦᠢᠴᠡᠳᠬᠡᠬᠦ᠂ ᠤᠷᠢᠳᠠᠪᠠᠷ ᠲᠤᠰᠢᠶᠠᠬᠤ ᠪᠠ ᠭᠥᠯᠢᠶᠡᠨ ᠠᠪᠬᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠪᠠᠷᠢᠮᠲᠠᠯᠠᠨ᠂ ᠳᠤᠮᠳᠠᠳᠤ ᠡᠸᠦ᠋ᠷᠦᠫᠡ ᠶᠢᠨ ᠡᠭᠡᠯᠵᠢᠨ ᠤ ᠴᠤᠪᠤᠭ᠎ᠠ ᠲᠡᠷᠭᠡ ᠶᠢᠨ ᠴᠢᠩᠭᠡᠯᠢᠭ ᠤᠨ ᠵᠠᠯᠭᠠᠨ ᠲᠡᠭᠡᠭᠡᠪᠦᠷᠢᠯᠡᠬᠦ ᠴᠢᠳᠠᠪᠤᠷᠢ ᠶᠢ 20% ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠲᠡᠮᠦᠷ ᠵᠠᠮ ᠤᠨ ᠰᠠᠯᠠᠭ᠎ᠠ ᠮᠥᠴᠢᠷ ᠪᠠᠰᠠ ᠬᠠᠮᠲᠤᠷᠠᠨ ᠪᠠᠶᠢᠴᠠᠭᠠᠬᠤ ᠬᠠᠮᠲᠤᠷᠠᠨ ᠲᠡᠭᠡᠭᠡᠪᠦᠷᠢᠯᠡᠬᠦ ᠰᠠᠯᠠᠭ᠎ᠠ ᠮᠥᠴᠢᠷ᠂ ᠮᠣᠩᠭᠤᠯ ᠤᠨ ᠲᠠᠯ᠎ᠠ ᠶᠢᠨ ᠲᠡᠮᠦᠷ ᠵᠠᠮ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠭᠠᠷ ᠬᠤᠯᠪᠣᠨ ᠬᠡᠷᠡᠭᠵᠢᠭᠦᠯᠵᠦ᠂ ᠪᠣᠭᠤᠮᠲᠠ ᠶᠢᠨ ᠳᠥᠭᠦᠮᠴᠢᠯᠡᠯᠲᠡ ᠶᠢᠨ ᠬᠡᠮᠵᠢᠶ᠎ᠡ ᠪᠠ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠭᠰᠡᠨ ᠪᠠᠶᠢᠨ᠎ᠠ᠃       ᠮᠠᠨ ᠤ ᠤᠯᠤᠰ ᠤᠨ ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠠᠶᠢᠭᠤᠯᠬᠤ ᠶᠢ ᠢᠳᠡᠪᠬᠢᠲᠡᠢ ᠠᠬᠢᠭᠤᠯᠬᠤ ᠶᠢ ᠳᠠᠭᠠᠯᠳᠤᠨ᠂ ᠵᠠᠮ ᠳᠠᠭᠠᠤ ᠶᠢᠨ ᠡᠯ᠎ᠡ ᠤᠯᠤᠰ ᠯᠤᠭ᠎ᠠ ᠶᠢᠨ ᠠᠷᠠᠯᠵᠢᠶᠠᠨ ᠤ ᠶᠠᠪᠤᠯᠴᠠᠭ᠎ᠠ ᠡᠳᠦᠷ ᠢᠷᠡᠬᠦᠶ᠎ᠡ ᠥᠷᠭᠡᠳᠴᠦ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠨᠢ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡᠨ ᠤ ᠳᠤᠮᠳᠠ ᠱᠤᠭᠤᠮ ᠤᠨ ᠨᠡᠪᠲᠡᠷᠡᠬᠦ ᠵᠠᠮ ᠤᠨ ᠵᠠᠩᠭᠢᠯᠠᠭ᠎ᠠ ᠶᠢᠨ ᠴᠢᠭ ᠪᠣᠯᠤᠭᠰᠠᠨ ᠤ ᠬᠤᠪᠢ ᠳᠤ᠂ ᠨᠡᠪᠲᠡᠷᠡᠬᠦ ᠵᠠᠮ ᠤᠨ ᠳᠠᠪᠠᠭᠤᠯᠢᠭ ᠨᠢ ᠡᠳᠦᠷ ᠢᠷᠡᠬᠦᠶ᠎ᠡ ᠢᠯᠡᠷᠬᠡᠢ ᠪᠣᠯᠵᠤ ᠪᠠᠶᠢᠨ᠎ᠠ᠃ ᠣᠳᠣᠬᠠᠨ ᠳᠤ᠂ ᠡᠷᠢᠶᠡᠨ ᠬᠤᠳᠠ ᠶᠢᠨ ᠲᠡᠮᠦᠷ ᠵᠠᠮ ᠤᠨ ᠪᠣᠭᠤᠮᠲᠠ ᠠᠴᠠ ᠮᠣᠷᠳᠠᠭᠰᠠᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠲᠢᠶᠠᠨᠵᠢᠨ᠂ ᠠᠨᠾᠦ᠋ᠢ᠂ ᠬᠤᠨᠠᠨ ᠵᠡᠷᠭᠡ 10 ᠭᠠᠷᠤᠢ ᠮᠤᠵᠢ ᠬᠤᠳᠠ ᠶᠢᠨ ᠪᠠᠷᠠᠭᠠᠨ ᠤ ᠢᠷᠡᠯᠲᠡ ᠶᠢ ᠲᠥᠪᠯᠡᠷᠡᠭᠦᠯᠵᠦ᠂ ᠳᠤᠮᠳᠠᠳᠤ ᠤᠯᠤᠰ ᠤᠨ ᠦᠢᠯᠡᠳᠦᠨ ᠭᠠᠳᠠᠭᠠᠳᠤ ᠳᠤ ᠭᠠᠷᠭᠠᠬᠤ ᠳᠤ ᠨᠠᠶᠢᠳᠠᠪᠤᠷᠢᠲᠠᠢ ᠵᠥᠭᠡᠭᠡᠪᠦᠷᠢ ᠶᠢᠨ ᠬᠦᠴᠦᠨ ᠤ ᠲᠤᠯᠭᠠᠭᠤᠷᠢᠯᠠᠯ ᠬᠠᠩᠭᠠᠵᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号