ᠯᠦ ᠪᠦᠦ ᠳ᠋ᠦᠩ ᠪᠣᠭᠤᠮᠲᠠ ᠶᠢᠨ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/7
    3 ᠰᠠᠷ᠎ᠠ ᠶᠢᠨ 6᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠦ ᠪᠦᠦ ᠳ᠋ᠦᠩ ᠪᠣᠭᠤᠮᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠶᠢ ᠰᠤᠳᠤᠯᠵᠤ᠂ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃     ᠯᠦ ᠪᠦᠦ ᠳ᠋ᠦᠩ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠶᠡᠷᠦᠩᠬᠡᠢ ᠬᠡᠮᠵᠢᠶ᠎ᠡ ᠶᠢ ᠳᠡᠭᠡᠭᠰᠢᠯᠡᠭᠦᠯᠬᠦ ᠪᠣᠯ ᠪᠣᠭᠤᠮᠲᠠ ᠶᠢᠨ ᠠᠯᠤᠰ ᠬᠡᠳᠤ ᠶᠢᠨ ᠬᠥᠭᠵᠢᠯᠲᠡ ᠶᠢᠨ ᠦᠨᠳᠦᠰᠦᠨ ᠪᠠᠲᠤᠯᠠᠭ᠎ᠠ ᠪᠣᠯᠣᠨ᠎ᠠ᠃ ᠡᠯ᠎ᠡ ᠨᠢᠭᠡᠴᠡ᠂ ᠡᠯ᠎ᠡ ᠰᠠᠯᠠᠭ᠎ᠠ ᠮᠥᠴᠢᠷ ᠤᠳ ᠪᠣᠭᠤᠮᠲᠠ ᠪᠠᠷ ᠥᠩᠭᠡᠷᠡᠬᠦ ᠪᠠᠶᠢᠳᠠᠯ ᠢ ᠨᠢᠭᠲᠠ ᠠᠩᠬᠠᠷᠴᠤ᠂ ᠪᠣᠭᠤᠮᠲᠠ ᠪᠠᠷ ᠥᠩᠭᠡᠷᠡᠬᠦ ᠠᠵᠢᠯᠯᠠᠭᠠᠨ ᠤ ᠳᠤᠮᠳᠠ ᠲᠤᠯᠭᠠᠷᠠᠭᠰᠠᠨ ᠪᠣᠭᠤᠮᠢ ᠶᠢᠨ ᠠᠰᠠᠭᠤᠳᠠᠯ ᠢ ᠴᠠᠭ ᠲᠤᠬᠠᠢ ᠳᠤᠨᠢ ᠡᠵᠡᠮᠰᠢᠨ᠂ ᠰᠠᠨᠠᠭᠠᠴᠢᠯᠠᠭ᠎ᠠ  ᠎ ᠠᠴᠠ ᠪᠠᠨ ᠨᠡᠪᠲᠡᠷᠡᠯᠴᠡᠵᠦ᠂ ᠢᠳᠡᠪᠬᠢᠲᠡᠢ ᠪᠠᠷ ᠵᠣᠬᠢᠴᠠᠭᠤᠯᠵᠤ᠂ ᠪᠣᠭᠤᠮᠲᠠ ᠪᠠᠷ ᠥᠩᠭᠡᠷᠡᠬᠦ ᠲᠦᠭᠵᠢᠷᠡᠯ ᠤᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠲᠣᠬᠢᠷᠠᠭᠤᠯᠵᠤ ᠰᠢᠢᠳᠪᠦᠷᠢᠯᠡᠨ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ᠃ ᠳᠤᠮᠳᠠᠳᠤ ᠮᠣᠩᠭᠤᠯ ᠤᠨ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠬᠦ ᠲᠣᠭᠲᠠᠴᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠬᠦ᠂ ᠬᠥᠮᠥᠨ ᠪᠠ ᠲᠡᠷᠭᠡ ᠬᠥᠰᠬᠡ ᠵᠡᠷᠭᠡ ᠲᠠᠯ᠎ᠠ ᠪᠠᠷ ᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠣᠭᠤᠮᠲᠠ ᠶᠢᠨ ᠬᠥᠮᠥᠰ᠂ ᠡᠳ᠋ ᠪᠠᠷᠠᠭ᠎ᠠ ᠶᠢᠨ ᠣᠷᠣᠵᠤ ᠭᠠᠷᠬᠤ ᠵᠠᠮ ᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠠᠩᠭᠢᠯᠠᠭ᠎ᠠ ᠳᠠᠬᠢ ᠡᠯ᠎ᠡ ᠵᠦᠢᠯ ᠤᠨ ᠬᠡᠷᠡᠭᠴᠡᠭᠡ ᠶᠢ ᠣᠶᠢᠯᠠᠭᠠᠨ ᠡᠵᠡᠮᠰᠢᠵᠦ᠂ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠳᠠᠢ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号