| ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠤ ᠦᠳᠡ ᠶᠢᠨ ᠬᠤᠶᠢᠨ᠎ᠠ ᠲᠡᠭᠦᠨ ᠤ ᠪᠠᠶᠢᠭ᠎ᠠ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ | ᠬᠤᠷᠠᠯ ᠤᠨ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ | ᠰᠠᠶᠢᠲᠠᠢ ᠬᠥᠭᠵᠢᠯᠲᠡ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ | ᠲᠡᠷᠢᠭᠦᠨ ᠴᠢᠬᠤᠯᠠ ᠡᠭᠦᠷᠭᠡ ᠮᠥᠨ᠃ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ | ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠢᠮᠠᠭᠲᠠ ᠰᠢᠨ᠎ᠡ ᠶᠢ ᠡᠭᠦᠳᠭᠦ᠂ ᠵᠣᠬᠢᠴᠠᠩᠭᠤᠢ᠂ ᠪᠣᠬᠢᠷᠳᠤᠯ | ᠦᠭᠡᠢ᠂ ᠨᠡᠭᠡᠭᠡᠯᠲᠡᠲᠤ᠂ ᠬᠠᠮᠲᠤ ᠪᠠᠷ ᠡᠳ᠋ᠯᠡᠭᠦ ᠳᠣᠲᠣᠭᠠᠳᠤ ᠨᠢᠭᠡᠳᠦᠯ ᠢᠶᠠᠷ ᠬᠥᠭᠵᠢᠯᠲᠡ ᠶᠢ ᠡᠵᠡᠮᠳᠡᠵᠦ᠂ ᠬᠥᠭᠵᠢᠯᠲᠡ ᠶᠢ | ᠬᠡᠮᠵᠢᠵᠦ᠂ ᠬᠥᠭᠵᠢᠯᠲᠡ ᠶᠢ ᠠᠬᠢᠭᠤᠯᠬᠤ ᠭᠡᠷᠡᠭᠲᠡᠢ︔ ᠡᠷᠬᠡᠪᠰᠢ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠭᠦ ᠪᠠ | ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠠᠰᠤ ᠴᠢᠨᠠᠷ ᠢ | ᠲᠡᠷᠢᠭᠦᠨ ᠳᠤ ᠲᠠᠯᠪᠢᠬᠤ᠂ ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠢᠮᠠᠭᠲᠠ ᠪᠠᠷᠢᠮᠲᠠᠯᠠᠵᠤ᠂ ᠶᠠᠰᠤ ᠴᠢᠨᠠᠷ ᠤᠨ | ᠤᠬᠠᠮᠰᠠᠷ ᠢᠶᠠᠨ ᠶᠡᠭᠡ ᠪᠠᠷ ᠴᠢᠩᠭᠠᠳᠬᠠᠵᠤ᠂ ᠶᠠᠰᠤ ᠴᠢᠨᠠᠷ ᠢ ᠠᠮᠢ ᠨᠠᠰᠤ ᠪᠣᠯᠭᠠᠨ ᠦᠵᠡᠵᠦ᠂ ᠴᠢᠨᠠᠷ ᠰᠠᠶᠢᠲᠠᠢ ᠪᠠᠶᠢᠬᠤ ᠪᠠᠷ | ᠬᠥᠭᠡᠭᠡᠴᠡᠯᠳᠦᠯ ᠪᠤᠯᠭᠠᠬᠤ ᠭᠡᠷᠡᠭᠲᠡᠶ︔ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ | ᠭᠦᠨᠵᠡᠭᠡᠶᠢᠷᠡᠭᠦᠯᠵᠦ᠂ ᠬᠥᠭᠵᠢᠯᠲᠡ ᠶᠢᠨ ᠠᠷᠭ᠎ᠠ ᠭᠡᠯᠪᠡᠷᠢ ᠶᠢ ᠭᠦᠨᠵᠡᠭᠡᠢ ᠬᠤᠪᠢᠷᠠᠭᠤᠯᠵᠤ᠂ ᠦᠷ᠎ᠡ ᠠᠰᠢᠭ ᠤᠨ | ᠬᠤᠪᠢᠰᠤᠯᠲᠠ᠂ ᠬᠥᠳᠡᠯᠭᠡᠭᠦ ᠬᠦᠴᠦᠨ ᠤ ᠬᠤᠪᠢᠰᠤᠯᠲᠠ ᠪᠠᠷ ᠶᠠᠰᠤ ᠴᠢᠨᠠᠷ ᠤᠨ ᠬᠤᠪᠢᠰᠤᠯᠲᠠ ᠶᠢ ᠠᠬᠢᠭᠤᠯᠵᠤ᠂ | ᠦᠷᠭᠦᠯᠵᠢᠯᠡᠬᠦ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠲᠦᠷᠭᠡᠳᠬᠡᠨ ᠪᠦᠷᠢᠯᠳᠦᠭᠦᠯᠬᠦ ᠭᠡᠷᠡᠭᠲᠡᠶ︔ | ᠡᠷᠬᠡᠪᠰᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ | ᠬᠠᠩᠭᠠᠬᠤ ᠪᠠᠷ ᠵᠣᠷᠢᠯᠲᠠ ᠪᠠ ᠲᠤᠰᠤᠯᠲᠠ ᠪᠤᠯᠭᠠᠵᠤ᠂ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ | ᠠᠮᠢᠳᠤᠷᠠᠯ ᠤᠨ ᠴᠢᠨᠠᠷ ᠴᠢᠨᠰᠠᠭ᠎ᠠ ᠪᠣᠯᠭᠠᠨ ᠬᠤᠪᠢᠷᠠᠭᠤᠯᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ | ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠳᠤ ᠬᠦᠷᠴᠦ ᠢᠷᠡᠬᠦ ᠳᠤ ᠲᠤᠬᠠᠢ ᠶᠢᠨ ᠲᠠᠯᠠᠪᠠᠢ ᠳᠤ | ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠨᠠᠷᠢᠨ ᠬᠢᠨᠠᠮᠠᠭᠠᠢ ᠬᠢᠨᠠᠨ ᠵᠥᠪᠯᠡᠵᠦ᠂ ᠭᠦᠷ ᠬᠥᠭᠵᠢᠶᠡᠨ ᠢᠶᠠᠷ | ᠪᠢᠯᠬᠠᠵᠤ ᠪᠠᠶᠢᠯ᠎ᠠ᠃ ᠰᠢᠦᠢ ᠺᠦᠨ ᠯᠢᠨ᠂ ᠯᠢᠦ ᠴᠢᠩ᠂ ᠱᠠᠨ ᠽᠧᠩ ᠬᠠᠢ᠂ ᠸᠧᠢ ᠴᠢᠶᠣᠤ᠂ ᠵᠠᠩ ᠳ᠋ᠠ ᠳ᠋ᠦᠩ᠂ ᠦ᠋ ᠴᠢᠩ | ᠸᠧᠨ ᠵᠡᠷᠭᠡ 6 ᠲᠥᠯᠥᠭᠡᠯᠡᠭᠴᠢ ᠲᠤᠰ ᠲᠤᠰ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠦᠢᠯᠡᠴᠢᠯᠡᠬᠦ᠂ ᠣᠷᠣᠨ ᠪᠦᠰᠡ ᠶᠢᠨ ᠬᠠᠮᠵᠢᠯᠴᠠᠨ ᠰᠢᠨ᠎ᠡ ᠶᠢ ᠡᠭᠦᠳᠭᠦ ᠶᠢ ᠶᠡᠭᠡ ᠪᠠᠷ ᠠᠬᠢᠭᠤᠯᠬᠤ᠂ ᠡᠷᠡᠰ ᠭᠤᠶᠢᠪᠢᠰᠢ | ᠦᠭᠡᠢ ᠪᠠᠷ ᠦᠢᠯᠡᠳᠭᠦ ᠦᠢᠯᠡᠰ ᠤᠨ ᠨᠣᠶᠠᠨ ᠤᠷᠭᠢᠯ ᠳᠤ ᠠᠪᠠᠷᠢᠬᠤ᠂ ᠰᠢᠨ᠎ᠡ ᠴᠠᠭ ᠦᠶ᠎ᠡ ᠶᠢᠨ ︽ᠰᠢᠨ᠎ᠡ ᠲᠠᠷᠢᠶᠠᠴᠢᠨ︾ | ᠪᠤᠯᠬᠤ᠂ ᠨᠠᠮ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠤᠯᠬᠤ ᠵᠡᠷᠭᠡ ᠠᠰᠠᠭᠤᠳᠠᠯ ᠤᠨ ᠲᠣᠭᠤᠷᠢᠨ ᠳᠤ ᠦᠭᠡ ᠬᠡᠯᠡᠪᠡ᠃ ᠰᠢ | ᠶᠢᠨ ᠫᠢᠩ ᠪᠠᠶᠢᠨ ᠲᠠᠭᠢᠨ ᠳᠤᠮᠳᠠ ᠨᠢ ᠦᠭᠡ ᠬᠡᠯᠡᠵᠦ᠂ ᠤᠯᠠᠨ ᠲᠠᠢ ᠪᠤᠳᠤᠯ ᠰᠠᠨᠠᠯ ᠢᠶᠠᠨ ᠰᠣᠯᠢᠯᠴᠠᠪᠠ᠃ | ᠣᠯᠠᠨ ᠤ ᠭᠡᠯᠡᠭᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ ᠰᠢ ᠶᠢᠨ ᠫᠢᠩ ᠦᠭᠡ ᠬᠡᠯᠡᠪᠡ᠃ ᠲᠡᠷᠡ ᠡᠩ | ᠲᠡᠷᠢᠭᠦᠨ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠵᠥᠪᠰᠢᠶᠡᠷᠡᠵᠦ ᠪᠠᠶᠢᠬᠤ ᠪᠠᠨ ᠢᠯᠡᠳᠬᠡᠵᠦ᠂ ᠵᠢᠶᠠᠩᠰᠤ ᠶᠢᠨ | ᠲᠠᠪᠤᠨ ᠵᠢᠯ ᠤᠨ ᠲᠤᠷᠰᠢᠬᠢ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠨᠠᠮ ᠤᠨ ᠪᠠᠶᠢᠭᠤᠯᠤᠯᠲᠠ ᠵᠡᠷᠭᠡ ᠡᠯ᠎ᠡ | ᠲᠠᠯ᠎ᠠ ᠶᠢᠨ ᠣᠯᠣᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠵᠤ᠂ ᠵᠢᠶᠠᠩᠰᠤ ᠶᠢᠨ ᠬᠢᠨ ᠦᠷᠭᠦᠯᠵᠢᠯᠡᠨ ᠦᠨᠡᠨ ᠬᠦ | ᠠᠳᠬᠤᠨ ᠪᠣᠳᠠᠲᠠᠢ ᠠᠵᠢᠯᠯᠠᠵᠤ᠂ ᠡᠷᠡᠮᠡᠬᠡᠶᠢᠯᠡᠨ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ | ᠦᠷᠭᠦᠯᠵᠢᠯᠡᠨ ᠡᠮᠦᠨ᠎ᠡ ᠡᠩᠨᠡᠭᠡᠨ ᠳᠤ ᠬᠤᠰᠢᠭᠤᠷᠠᠵᠤ᠂ ︽ᠠᠵᠤ ᠠᠬᠤᠢ ᠬᠦᠴᠦᠷᠬᠡᠭ ᠠᠷᠠᠳ ᠲᠦᠮᠡᠨ ᠪᠠᠶᠠᠨ ᠴᠢᠨᠡᠭᠡᠯᠢᠭ | ᠣᠷᠴᠢᠨ ᠲᠣᠭᠤᠷᠢᠨ ᠦᠵᠡᠰᠬᠦᠯᠡᠩᠲᠦ ᠰᠠᠶᠢᠬᠠᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠥᠨᠳᠥᠷ︾ ᠰᠢᠨ᠎ᠡ ᠵᠢᠶᠠᠩᠰᠤ ᠶᠢᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠰᠠᠶᠢᠨ ᠰᠠᠶᠢᠬᠠᠨ | ᠡᠭᠢᠯᠡᠯᠲᠡ ᠶᠢ ᠪᠡᠶᠡᠯᠡᠭᠦᠯᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠶᠢ | ᠬᠦᠰᠡᠪᠡ᠃ | ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠵᠠᠶᠢᠯᠠᠰᠢ ᠦᠭᠡᠢ ᠵᠠᠮ ᠮᠥᠨ᠃ ᠤᠯᠠᠨ ᠤᠯᠤᠰ ᠤᠨ ᠬᠤᠷᠴᠠ ᠰᠢᠷᠦᠭᠦᠨ ᠥᠷᠢᠰᠦᠯᠳᠦᠭᠡᠨ ᠤ ᠳᠤᠮᠳᠠ᠂ ᠪᠢᠳᠡ | ᠬᠥᠭᠵᠢᠯᠲᠡ ᠶᠢᠨ ᠰᠢᠨ᠎ᠡ ᠬᠦᠷᠢᠶ᠎ᠡ ᠴᠠᠷᠠᠭ᠎ᠠ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ | ᠬᠥᠳᠡᠯᠭᠡᠭᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠳᠤ ᠦᠨᠳᠦᠰᠦᠨ ᠠᠴᠠ ᠨᠢ ᠠᠪᠴᠤ ᠬᠡᠯᠡᠪᠡᠯ ᠮᠥᠨ ᠯᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠳᠤ ᠲᠦᠰᠢᠭᠯᠡᠬᠦ ᠬᠡᠷᠡᠭᠲᠡᠢ᠃ ᠪᠢᠳᠡ ᠨᠡᠶᠢᠭᠡᠮ ᠵᠢᠷᠤᠮᠲᠤ | ᠣᠳᠣᠬᠢᠴᠢᠯᠠᠭᠰᠠᠨ ᠬᠦᠴᠦᠷᠬᠡᠭ ᠤᠯᠤᠰ ᠢ ᠬᠤᠭᠤᠴᠠᠭ᠎ᠠ ᠶᠣᠰᠣᠭᠠᠷ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ ᠴᠢᠳᠠᠬᠤ | ᠡᠰᠡᠬᠦ ᠶᠢᠨ ᠵᠠᠩᠭᠢᠯᠠᠭ᠎ᠠ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠳᠤ ᠪᠠᠶᠢᠨ᠎ᠠ᠃ ︽ᠳᠥᠷᠪᠡ ᠳᠤ ᠬᠠᠨᠳᠤᠭᠤᠯᠬᠤ︾ ᠶᠢ ᠪᠠᠷᠢᠮᠲᠠᠯᠠᠵᠤ᠂ ᠰᠢᠨ᠎ᠡ ᠶᠢ ᠡᠭᠦᠳᠭᠦ ᠪᠠᠷ | ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠳᠬᠡᠨ ᠬᠡᠷᠡᠭᠵᠢᠭᠦᠯᠵᠦ᠂ ᠦᠢᠯᠡᠳᠪᠦᠷᠢᠯᠡᠯ | ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠠᠪᠴᠠᠩ ᠤᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠵᠤ᠂ ᠣᠷᠣᠶᠢᠯᠠᠭᠰᠠᠨ ᠰᠢᠨᠵᠢᠯᠡᠬᠦ ᠤᠬᠠᠭᠠᠨᠲᠠᠨ ᠲᠦᠷᠦᠭᠦᠯᠡᠨ ᠠᠩᠬᠠᠨ ᠤ ᠡᠭᠦᠳᠦᠯᠲᠡ ᠶᠢᠨ ᠴᠢᠨᠠᠷᠲᠠᠢ᠂ | ᠬᠥᠲᠥᠯᠥᠨ ᠳᠠᠭᠠᠭᠤᠯᠬᠤ ᠴᠢᠨᠠᠷᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠶᠢ ᠳᠡᠮᠵᠢᠵᠦ᠂ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠴᠢᠷᠮᠠᠶᠢᠨ ᠰᠢᠢᠳᠪᠦᠷᠢᠯᠡᠵᠦ᠂ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠳᠤ ᠪᠡᠶ᠎ᠡ ᠪᠠᠨ ᠳᠠᠭᠠᠭᠠᠵᠤ ᠡᠵᠡᠮᠳᠡᠵᠦ ᠲᠡᠶᠢᠯᠭᠦ ᠶᠢ ᠪᠡᠶᠡᠯᠡᠭᠦᠯᠬᠦ ᠬᠡᠷᠡᠭᠲᠡᠢ᠃ | ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ | ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠭᠤᠣᠯᠯᠠᠭᠴᠢ ᠠᠵᠤ ᠠᠬᠤᠶᠢᠯᠠᠯ ᠤᠨ ᠬᠥᠲᠥᠯᠥᠨ ᠳᠠᠭᠠᠭᠤᠯᠵᠤ | ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠡᠷᠡᠭᠦᠯ ᠢᠶᠠᠷ ᠪᠣᠶᠢᠵᠢᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠭᠦ ᠰᠣᠶᠣᠯ ᠢ ᠶᠡᠭᠡ ᠪᠠᠷ | ᠪᠣᠶᠢᠵᠢᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮ ᠪᠠ ᠤᠷᠮᠠᠰᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠰᠢᠨ᠎ᠡ ᠶᠢ ᠡᠭᠦᠳᠭᠦ ᠴᠢᠳᠠᠪᠤᠷᠢᠲᠠᠨ ᠤ ᠴᠣᠯᠭᠤᠷᠠᠨ ᠭᠠᠷᠬᠤ᠂ ᠠᠪᠢᠶᠠᠰ ᠴᠢᠳᠠᠪᠤᠷᠢ ᠪᠠᠨ | ᠭᠦᠢᠴᠡᠳ ᠪᠠᠳᠠᠷᠠᠭᠤᠯᠬᠤ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠴᠦ ᠥᠭᠬᠦ ᠬᠡᠷᠡᠭᠲᠡᠢ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠰᠦᠨ ᠴᠡᠭ ᠮᠥᠨ᠃ ᠳᠣᠲᠣᠭᠠᠳᠤ ᠬᠡᠷᠡᠭᠴᠡᠭᠡ ᠶᠢ | ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ | ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠭᠦᠨᠵᠡᠭᠡᠢ ᠠᠬᠢᠭᠤᠯᠵᠤ᠂ ᠠᠵᠤ ᠦᠢᠯᠡᠰ ᠤᠨ ᠰᠠᠭᠤᠷᠢ ᠶᠢ ᠲᠠᠭᠢᠨ ᠴᠣᠭᠴᠠᠯᠠᠬᠤ ᠪᠠ ᠴᠢᠬᠤᠯᠠ ᠶᠡᠭᠡ ᠮᠡᠷᠭᠡᠵᠢᠯ | ᠲᠣᠨᠣᠭᠯᠠᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠦᠢᠯᠡᠳᠭᠦ ᠦᠢᠯᠡᠰ ᠤᠨ ᠳᠡᠭᠡᠳᠦ ᠲᠡᠰᠵᠢᠯᠳᠡ᠂ | ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠵᠤ᠂ ᠦᠢᠯᠡᠳᠭᠦ ᠦᠢᠯᠡᠰ ᠤᠨ ᠬᠦᠴᠦᠷᠬᠡᠭ ᠮᠤᠵᠢ ᠶᠢ | ᠲᠦᠷᠭᠡᠳᠬᠡᠨ ᠪᠠᠶᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠲᠣᠭᠠᠴᠢᠯᠠᠭᠰᠠᠨ ᠠᠵᠤ ᠠᠬᠤᠢ ᠶᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠥᠨᠳᠥᠷ ᠲᠦᠪᠰᠢᠨ ᠪᠦᠬᠦᠢ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠪᠠᠶᠢᠭᠤᠯᠬᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠭᠤᠣᠯᠳᠠᠯᠭ᠎ᠠ ᠲᠠᠢ ᠬᠦᠷᠢᠶᠡᠨ ᠳᠠᠬᠢ | ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠪᠣᠯᠣᠨ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠳᠦᠷᠢᠮ ᠤᠨ ᠮᠠᠶ᠋ᠢᠭ ᠤᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ | ᠬᠦᠴᠦᠷᠬᠡᠭ ᠤᠯᠤᠰ ᠤᠨ ᠦᠨᠳᠦᠰᠦ ᠰᠠᠭᠤᠷᠢ ᠮᠥᠨ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠪᠣᠯ | ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠠᠮᠤ ᠪᠤᠳᠠᠭ᠎ᠠ ᠪᠣᠯᠣᠨ ᠴᠢᠬᠤᠯᠠ | ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ | ᠢᠳᠡᠪᠬᠢᠲᠡᠢ ᠪᠠᠷ ᠤᠷᠲᠤᠳᠬᠠᠨ ᠥᠷᠭᠡᠳᠬᠡᠵᠦ᠂ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ | ᠭᠡᠯᠪᠡᠷᠢ ᠶᠢ ᠪᠣᠶᠢᠵᠢᠭᠤᠯᠤᠨ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ | ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ᠃ ᠪᠠᠯᠭᠠᠰᠤ ᠲᠣᠰᠬᠤᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ | ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ | ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠪᠣᠰᠬᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠡᠶ᠎ᠡ | ᠵᠣᠬᠢᠴᠠᠩᠭᠤᠢ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠠ | ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠦᠨᠳᠦᠰᠦᠨ ᠡᠵᠡᠩᠨᠡᠯᠲᠡ ᠶᠢᠨ ᠳᠦᠷᠢᠮ ᠢ ᠪᠠᠬᠢᠵᠢᠭᠦᠯᠦᠨ | ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ᠂ ᠰᠢᠨ᠎ᠡ | ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ | ᠬᠥᠳᠡᠭᠡ ᠲᠣᠰᠬᠤᠨ ᠤ ᠵᠣᠬᠢᠰᠲᠠᠢ ᠬᠡᠪᠴᠢᠶᠡᠲᠦ ᠡᠵᠡᠩᠨᠡᠯᠲᠡ ᠶᠢ ᠬᠥᠭᠵᠢᠭᠦᠯᠵᠦ᠂ ᠬᠥᠳᠡᠭᠡ ᠠᠵᠤ ᠠᠬᠤᠢ ᠬᠥᠳᠡᠭᠡ | ᠲᠣᠰᠬᠤᠨ ᠤ ᠬᠥᠭᠵᠢᠯᠲᠡ ᠳᠤ ᠬᠥᠳᠡᠯᠭᠡᠭᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠠᠷᠠᠳ ᠲᠦᠮᠡᠨ ᠵᠣᠯ ᠵᠢᠷᠭᠠᠯ ᠲᠠᠢ ᠠᠮᠤᠷ ᠠᠮᠤᠭᠤᠯᠠᠩ ᠠᠮᠢᠳᠤᠷᠠᠬᠤ ᠪᠣᠯ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠶᠢᠨ ᠡᠴᠦᠰ ᠤᠨ ᠬᠠᠷᠠᠯᠲᠠ ᠮᠥᠨ᠃ ᠦᠨᠳᠦᠰᠦᠨ ᠱᠠᠲᠤᠨ ᠤ ᠵᠠᠰᠠᠯᠲᠠ ᠪᠣᠯᠣᠨ ᠠᠷᠠᠳ ᠤᠨ | ᠠᠮᠢᠳᠤᠷᠠᠯ ᠤᠨ ᠪᠠᠲᠤᠯᠠᠭ᠎ᠠ ᠨᠢ ᠠᠷᠠᠳ ᠤᠯᠠᠨ ᠤ ᠦᠨᠳᠦᠰᠦᠨ ᠠᠰᠢᠭ ᠲᠤᠰᠠ ᠲᠠᠢ ᠬᠤᠯᠪᠣᠭᠳᠠᠵᠤ᠂ ᠬᠠᠮᠲᠤ ᠪᠠᠷ | ᠪᠠᠶᠠᠵᠢᠬᠤ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠰᠠᠭᠤᠷᠢᠯᠠᠬᠤ ᠴᠢᠨᠠᠷᠲᠠᠢ ᠢᠨᠵᠧᠨᠧᠷᠢᠩ ᠪᠣᠯᠣᠨ᠎ᠠ᠂ | ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠡᠷᠬᠡᠪᠰᠢ ᠰᠡᠳᠬᠢᠯ ᠳᠡᠭᠡᠨ ᠪᠠᠲᠤ ᠴᠡᠭᠡᠵᠢᠯᠡᠵᠦ᠂ ᠴᠠᠭ | ᠢᠮᠠᠭᠲᠠ ᠠᠳᠬᠤᠵᠤ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠦᠨᠳᠦᠰᠦᠨ ᠱᠠᠲᠤᠨ ᠤ ᠤᠯᠠᠨ ᠲᠦᠮᠡᠨ ᠤ | ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠶᠢ ᠴᠢᠩᠭᠠᠳᠬᠠᠵᠤ᠂ ᠲᠣᠣᠷᠵᠢᠭᠤᠯᠤᠬᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ ᠦᠢᠯᠡᠴᠢᠯᠡᠭᠡ᠂ ᠮᠡᠳᠡᠭᠡ | ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ ᠲᠡᠭᠦᠯᠳᠡᠷᠵᠢᠭᠦᠯᠵᠦ᠂ ᠬᠤᠳᠠ | ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠠᠷᠠᠳ ᠤᠯᠠᠨ ᠳᠤ ᠭᠡᠷ ᠤᠨ ᠡᠭᠦᠳᠡᠨ | ᠳᠡᠭᠡᠷᠡᠬᠢ ᠰᠢᠯᠢᠳᠡᠭ ᠦᠢᠯᠡᠴᠢᠯᠡᠭᠡ ᠪᠠ ᠨᠠᠷᠢᠯᠢᠭ ᠬᠠᠮᠢᠶᠠᠷᠤᠯᠲᠠ ᠶᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ | ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠰᠢᠨ᠎ᠡ ᠪᠠᠶᠢᠳᠠᠯ ᠳᠣᠣᠷᠠᠬᠢ ᠠᠷᠠᠳ ᠤᠨ | ᠳᠣᠲᠣᠭᠠᠳᠤ ᠶᠢᠨ ᠵᠥᠷᠢᠴᠡᠯ ᠢ ᠵᠥᠪ ᠢᠶᠠᠷ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠥᠷᠢᠴᠡᠯ | ᠵᠠᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤᠨᠢ ᠰᠢᠢᠳᠪᠦᠷᠢᠯᠡᠵᠦ᠂ ᠴᠤᠬᠤᠶᠢᠵᠤ ᠪᠠᠶᠢᠭ᠎ᠠ ᠦᠶ᠎ᠡ ᠳᠤᠨᠢ | ᠰᠢᠢᠳᠪᠦᠷᠢᠯᠡᠬᠦ ᠬᠡᠷᠡᠭᠲᠡᠢ᠃ ᠠᠷᠠᠳ ᠤᠯᠠᠨ ᠤ ᠪᠠᠴᠢᠮᠳᠠᠵᠤ᠂ ᠬᠦᠴᠢᠷᠳᠡᠵᠦ᠂ ᠵᠣᠪᠠᠨᠢᠵᠤ᠂ ᠬᠦᠰᠡᠵᠦ ᠪᠠᠶᠢᠭ᠎ᠠ | ᠠᠰᠠᠭᠤᠳᠠᠯ ᠢ ᠴᠢᠩᠭ᠎ᠠ ᠠᠳᠬᠤᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ | ᠳᠤᠯᠠᠭᠠᠴᠠᠭᠤᠯᠬᠤ ᠨᠡᠩ ᠤᠯᠠᠨ ᠠᠷᠭ᠎ᠠ ᠬᠡᠮᠵᠢᠶ᠎ᠡ ᠶᠢ ᠠᠪᠴᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠢ ᠪᠦᠷᠢᠨᠰᠢᠭᠦᠯᠦᠨ᠂ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠵᠤ ᠬᠠᠪᠰᠤᠷᠤᠨ ᠲᠡᠳᠭᠦᠭᠦ᠂ | ᠣᠷᠣᠯᠭ᠎ᠠ ᠶᠢᠨ ᠬᠤᠪᠢᠶᠠᠷᠢᠯᠠᠯᠲᠠ ᠶᠢ ᠲᠣᠬᠢᠷᠠᠭᠤᠯᠬᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ᠂ ︽ | ᠨᠠᠰᠤᠲᠠᠶᠢᠴᠤᠳ ᠪᠠᠭᠠᠴᠤᠳ︾ ᠤᠨ ᠦᠢᠯᠡᠴᠢᠯᠡᠭᠡ ᠶᠢ ᠴᠢᠩᠭᠠᠳᠬᠠᠬᠤ ᠵᠡᠷᠭᠡ ᠠᠵᠢᠯ ᠢ ᠬᠦᠴᠦᠯᠡᠨ ᠰᠠᠶᠢᠲᠤᠷ ᠬᠢᠬᠦ | ᠬᠡᠷᠡᠭᠲᠡᠢ᠃ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠣᠳᠠᠲᠠᠢ ᠠᠳᠬᠤᠨ | ᠨᠠᠷᠢᠯᠢᠭ ᠠᠳᠬᠤᠵᠤ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢᠨ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠡᠷᠬᠡᠪᠰᠢ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠡᠷᠡᠰ ᠭᠤᠶᠢᠪᠢᠰᠢ ᠦᠭᠡᠢ ᠪᠠᠷ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠦᠨᠡᠨ ᠬᠦ ᠴᠢᠩᠭᠠᠳᠬᠠᠵᠤ᠂ ᠬᠤᠭᠤᠴᠠᠭ᠎ᠠ | ᠰᠣᠯᠢᠭᠰᠠᠨ ᠤ ᠳᠠᠷᠠᠭᠠᠬᠢ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠬᠦᠷᠢᠶᠡᠨ ᠳᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠰᠢᠨ᠎ᠡ ᠠᠶᠠᠨ ᠳᠤ ᠡᠷᠡᠯᠬᠡᠭᠯᠡᠨ | ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠵᠢᠯᠣᠭᠤᠳᠤᠯᠭ᠎ᠠ | ᠪᠣᠯᠣᠨ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠼᠠᠢ ᠴᠢ᠂ ᠳ᠋ᠢᠩ ᠰᠢᠤᠸᠠᠢ ᠰᠢᠶᠠᠩ᠂ ᠾᠧ ᠯᠢ ᠹᠧᠩ ᠨᠠᠷ ᠣᠷᠣᠯᠴᠠᠪᠠ᠃ |