︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ | | | ᠣᠶᠢᠷ᠎ᠠ ᠳᠤ᠂ ᠮᠠᠨ ᠤ ᠬᠤᠲᠠ ᠶᠢᠨ ᠠᠩᠬᠠᠨ ᠤ ᠪᠦᠯᠦᠭ ︽ᠶᠡᠷᠦᠩᠬᠡᠶᠢᠯᠡᠭᠰᠡᠨ ᠴᠣᠩᠬᠤᠨ ᠤ ᠠᠵᠢᠯᠲᠠᠨ︾ | ᠵᠢᠩᠬᠢᠨᠢ ᠪᠠᠷ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠪᠠ︾᠃ ᠪᠣᠯᠪᠠᠰᠣᠷᠠᠯ ᠳᠤ ᠬᠢᠷᠢ ᠲᠡᠩᠴᠡᠭᠰᠡᠨ ︽ | ᠶᠡᠷᠦᠩᠬᠡᠶᠢᠯᠡᠭᠰᠡᠨ ᠴᠣᠩᠬᠤᠨ ᠤ ᠠᠵᠢᠯᠲᠠᠨ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯ | ᠶᠠᠪᠤᠳᠠᠯ ᠬᠢᠬᠦ ᠪᠠᠷ ᠢᠷᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠠᠳᠠᠯᠢ ᠪᠤᠰᠤ ᠦᠢᠯᠡᠴᠢᠯᠡᠭᠡᠨ ᠤ ᠣᠶᠢᠯᠠᠭᠠᠯᠲᠠ | ᠬᠠᠩᠭᠠᠭᠰᠠᠨ ᠪᠠᠶᠢᠨ᠎ᠠ᠃ | | | | | ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ | ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ | ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠶᠣᠰᠣᠭᠠᠷ᠂ ᠴᠣᠩᠬᠤᠪᠴᠢ ᠶᠢᠨ ᠦᠢᠯᠡᠴᠢᠯᠡᠭᠡᠨ ᠤ | ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠪᠠᠷᠢᠮᠵᠢᠶᠠᠯᠠᠨ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠵᠣᠬᠢᠶᠠᠨ | ᠪᠠᠶᠢᠭᠤᠯᠤᠨ ᠵᠠᠰᠠᠭ ᠵᠠᠬᠢᠷᠭᠠᠨ ᠤ ᠠᠵᠢᠯᠲᠠᠨ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ | ᠴᠣᠩᠬᠤᠪᠴᠢ ᠶᠢᠨ ᠠᠵᠢᠯᠲᠠᠨ︶ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠰᠢᠯᠭᠠᠯᠲᠠ ᠳᠤ | ᠣᠷᠣᠯᠴᠠᠭᠤᠯᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ | ᠳᠦᠷᠢᠮ ᠢ ᠬᠡᠷᠡᠭᠵᠢᠬᠦᠯᠪᠡ᠃ ᠣᠳᠣᠬᠠᠨ ᠳᠤ᠂ ᠲᠣᠰ ᠤᠳᠠᠭᠠᠨ ᠤ ᠪᠣᠯᠪᠠᠰᠤᠷᠠᠯ ᠤᠨ ᠬᠢᠨᠠᠨ ᠰᠢᠯᠭᠠᠯᠲᠠ ᠳᠤ ᠣᠷᠣᠯᠴᠠᠭᠰᠠᠨ | ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠴᠥᠮ ᠣᠨᠣᠯ ᠤᠨ ᠰᠢᠯᠭᠠᠯᠲᠠ ᠪᠠ ᠪᠣᠳᠠᠲᠤ ᠪᠣᠯᠪᠠᠰᠤᠷᠠᠯ ᠤᠨ ᠬᠢᠨᠠᠨ | ᠰᠢᠯᠭᠠᠯᠲᠠ ᠶᠢ ᠥᠩᠭᠡᠷᠡᠭᠡᠵᠦ᠂ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠨᠡᠮᠯᠡᠯ︾ ᠢ | ᠤᠷᠤᠭᠰᠢᠲᠠᠢ ᠣᠯᠣᠭᠰᠠᠨ ᠪᠠᠶᠢᠨ᠎ᠠ᠃ | | | | | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠶᠢᠨ ᠳᠠᠷᠤᠭ᠎ᠠ ᠫᠠᠩ ᠵᠢᠶᠦ᠋ᠨ ᠴᠢᠩ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠢ ᠲᠦᠯᠬᠢᠨ ᠠᠬᠢᠭᠤᠯᠵᠤ᠂ ᠠᠵᠤ | ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠬᠠᠩᠭᠠᠵᠤ᠂ ᠮᠠᠨ ᠤ ᠬᠤᠲᠠ ᠶᠢᠨ ᠬᠤᠳᠠᠯᠳᠤᠭ᠎ᠠ | ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ︾ ᠭᠡᠵᠡᠢ᠃ | |