︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ︾ ᠨᠡᠶᠢᠳᠡᠮ ᠭᠦᠢᠴᠡᠳᠬᠡᠬᠦ ᠦᠢᠯᠡᠴᠢᠯᠡᠭᠡ ᠶᠢ ᠨᠠᠩ ᠰᠠᠶᠢᠨ ᠪᠣᠯᠭᠠᠨ᠎ᠠ ︱ ᠮᠠᠨ ᠤ ᠬᠤᠲᠠ ᠶᠢᠨ ᠠᠩᠬᠠᠨ ᠤ ᠪᠦᠯᠦᠭ ︽ᠶᠡᠷᠦᠩᠬᠡᠶᠢᠯᠡᠭᠰᠡᠨ ᠴᠣᠩᠬᠤᠨ ᠤ ᠠᠵᠢᠯᠲᠠᠨ︾ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ  ᠭᠠᠷᠪᠠ︕
ᠨᠡᠶᠢᠲᠡᠯᠡᠭᠰᠡᠨ ᠴᠠᠭ᠄
2023/3/9
    ᠣᠶᠢᠷ᠎ᠠ ᠳᠤ᠂ ᠮᠠᠨ ᠤ ᠬᠤᠲᠠ ᠶᠢᠨ ᠠᠩᠬᠠᠨ ᠤ ᠪᠦᠯᠦᠭ ︽ᠶᠡᠷᠦᠩᠬᠡᠶᠢᠯᠡᠭᠰᠡᠨ ᠴᠣᠩᠬᠤᠨ ᠤ ᠠᠵᠢᠯᠲᠠᠨ︾ ᠵᠢᠩᠬᠢᠨᠢ ᠪᠠᠷ ︽ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠪᠠ︾᠃  ᠪᠣᠯᠪᠠᠰᠣᠷᠠᠯ ᠳᠤ ᠬᠢᠷᠢ ᠲᠡᠩᠴᠡᠭᠰᠡᠨ ︽ᠶᠡᠷᠦᠩᠬᠡᠶᠢᠯᠡᠭᠰᠡᠨ ᠴᠣᠩᠬᠤᠨ ᠤ ᠠᠵᠢᠯᠲᠠᠨ︾ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠠᠵᠢᠯ ᠶᠠᠪᠤᠳᠠᠯ ᠬᠢᠬᠦ ᠪᠠᠷ ᠢᠷᠡᠭᠰᠡᠨ ᠠᠵᠤ ᠠᠬᠤᠶᠢᠯᠠᠯ ᠪᠠ ᠣᠯᠠᠨ ᠲᠦᠮᠡᠨ ᠳᠤ ᠠᠳᠠᠯᠢ ᠪᠤᠰᠤ ᠦᠢᠯᠡᠴᠢᠯᠡᠭᠡᠨ ᠤ ᠣᠶᠢᠯᠠᠭᠠᠯᠲᠠ ᠬᠠᠩᠭᠠᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠦᠢᠯᠡᠴᠢᠯᠡᠭᠡᠨ ᠤ ᠤᠬᠠᠮᠰᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠤᠯᠤᠰ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠠᠷᠢᠮᠵᠢᠶ᠎ᠠ ᠶᠣᠰᠣᠭᠠᠷ᠂ ᠴᠣᠩᠬᠤᠪᠴᠢ ᠶᠢᠨ ᠦᠢᠯᠡᠴᠢᠯᠡᠭᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠪᠠᠷᠢᠮᠵᠢᠶᠠᠯᠠᠨ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠢ ᠵᠣᠬᠢᠶᠠᠨ ᠪᠠᠶᠢᠭᠤᠯᠤᠨ ᠵᠠᠰᠠᠭ ᠵᠠᠬᠢᠷᠭᠠᠨ ᠤ ᠠᠵᠢᠯᠲᠠᠨ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ︶ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠰᠢᠯᠭᠠᠯᠲᠠ ᠳᠤ ᠣᠷᠣᠯᠴᠠᠭᠤᠯᠵᠤ᠂ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠬᠡᠷᠡᠭᠵᠢᠬᠦᠯᠪᠡ᠃ ᠣᠳᠣᠬᠠᠨ ᠳᠤ᠂ ᠲᠣᠰ ᠤᠳᠠᠭᠠᠨ ᠤ ᠪᠣᠯᠪᠠᠰᠤᠷᠠᠯ ᠤᠨ ᠬᠢᠨᠠᠨ ᠰᠢᠯᠭᠠᠯᠲᠠ ᠳᠤ ᠣᠷᠣᠯᠴᠠᠭᠰᠠᠨ ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠴᠥᠮ ᠣᠨᠣᠯ ᠤᠨ ᠰᠢᠯᠭᠠᠯᠲᠠ ᠪᠠ ᠪᠣᠳᠠᠲᠤ ᠪᠣᠯᠪᠠᠰᠤᠷᠠᠯ ᠤᠨ ᠬᠢᠨᠠᠨ ᠰᠢᠯᠭᠠᠯᠲᠠ ᠶᠢ ᠥᠩᠭᠡᠷᠡᠭᠡᠵᠦ᠂ ︽ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠨᠡᠮᠯᠡᠯ︾ ᠢ ᠤᠷᠤᠭᠰᠢᠲᠠᠢ ᠣᠯᠣᠭᠰᠠᠨ ᠪᠠᠶᠢᠨ᠎ᠠ᠃      ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠫᠠᠩ ᠵᠢᠶᠦ᠋ᠨ ᠴᠢᠩ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠶᠢᠯᠠᠯ ᠪᠠ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ᠨᠠᠩ ᠥᠨᠳᠥᠷ ᠪᠦᠲᠦᠮᠵᠢᠲᠡᠶ᠂ ᠳᠥᠭᠦᠮ ᠳᠥᠲᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠥᠬᠦᠴᠡᠯ ᠢ ᠬᠠᠩᠭᠠᠵᠤ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ︾ ᠭᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号