ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢᠨ ︽ᠬᠤᠶᠠᠷ ᠠᠯᠬᠤᠮ ᠢᠶᠠᠷ ᠮᠡᠳᠡᠬᠦᠯᠬᠦ︾ ᠵᠠᠭᠪᠣᠷ ᠤᠨ ᠬᠡᠷᠡᠭᠯᠡᠭᠡᠨ ᠤ ᠨᠤᠷᠮ᠎ᠠ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2023/4/10
    ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ︽ᠬᠤᠶᠠᠷ ᠠᠯᠬᠤᠮ ᠢᠶᠠᠷ ᠮᠡᠳᠡᠭᠦᠯᠬᠦ︾ ᠵᠠᠭᠪᠤᠷ ᠢ ᠬᠡᠷᠡᠭᠯᠡᠭᠰᠡᠨ ᠪᠣᠭᠤᠮᠲᠠ ᠳᠤ ᠮᠡᠳᠡᠭᠦᠯᠦᠭᠰᠡᠨ ᠬᠠᠭᠤᠳᠠᠰᠤ 3411 ᠪᠢᠯᠧᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 506.94% ᠪᠠᠷ ᠨᠡᠮᠡᠭᠳᠡᠨ᠂ ᠪᠣᠭᠤᠮᠲᠠ ᠶᠢᠨ ᠠᠳᠠᠯᠢ ᠬᠤᠭᠤᠴᠠᠭᠠᠨ ᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠪᠥᠬᠦ ᠮᠡᠳᠡᠭᠦᠯᠦᠭᠰᠡᠨ ᠪᠢᠯᠧᠲ ᠤᠨ ᠲᠣᠭᠠᠨ ᠤ 33.42% ᠢ ᠡᠵᠡᠯᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠥᠭᠡᠳ ᠲᠣᠭᠲᠠᠭᠤᠨ ᠢᠶᠠᠷ ᠳᠡᠭᠡᠭᠰᠢᠯᠡᠬᠦ ᠬᠠᠨᠳᠤᠰᠢ ᠲᠠᠢ ᠪᠣᠯᠤᠭᠰᠠᠨ ᠪᠠᠶᠢᠨ᠎ᠠ᠃     ᠣᠶᠢᠯᠠᠭᠠᠭᠰᠠᠨ ᠢᠶᠠᠷ᠂ ︽ᠬᠤᠶᠠᠷ ᠠᠯᠬᠤᠮ ᠢᠶᠠᠷ ᠮᠡᠳᠡᠭᠦᠯᠬᠦ︾ ᠶᠢ ᠳᠥᠭᠦᠮᠴᠢᠯᠡᠬᠦ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ᠂ ᠠᠵᠤ ᠠᠬᠤᠶᠢᠯᠠᠯ ᠪᠣᠭᠤᠮᠲᠠ ᠳᠤ 105 ᠵᠦᠢᠯ ᠤᠨ ︽ᠪᠦᠷᠢᠨ ᠪᠦᠲᠦᠨ ᠮᠡᠳᠡᠭᠦᠯᠬᠦ︾ ᠵᠦᠢᠯᠡᠰ ᠢ ᠨᠢᠭᠡ ᠯᠡ ᠤᠳᠠᠭ᠎ᠠ ᠶᠢᠨ ᠴᠢᠨᠠᠷᠲᠠᠢ ᠪᠠᠷ ᠮᠡᠳᠡᠭᠦᠯᠬᠦ ᠴᠢᠬᠤᠯᠠ ᠦᠭᠡᠢ ᠪᠥᠭᠡᠳ ᠪᠢᠯᠧᠲ ᠳᠠᠷᠠᠭᠠᠯᠠᠨ ᠭᠠᠶᠢᠯᠢ ᠲᠠᠲᠠᠪᠤᠷᠢᠯᠠᠬᠤ ᠴᠤ ᠴᠢᠬᠤᠯᠠ ᠦᠭᠡᠢ᠂ ᠵᠥᠪᠬᠡᠨ 9 ᠵᠦᠢᠯᠡᠰ ᠤᠨ ︽ᠲᠣᠶᠢᠮᠣ ᠮᠡᠳᠡᠭᠦᠯᠬᠦ︾ ᠮᠡᠳᠡᠭᠡ ᠵᠠᠩᠭᠢ ᠶᠢ ᠬᠠᠩᠭᠠᠪᠠᠯ ᠳᠠᠷᠤᠢ ᠪᠣᠭᠤᠮᠲᠠ ᠶᠢᠨ ᠭᠠᠶᠢᠯᠢ ᠶᠢᠨ ᠳᠠᠭᠠᠭᠠᠯᠲᠠ ᠪᠠᠷ ᠳᠠᠮᠵᠢᠭᠤᠯᠤᠨ ᠪᠠᠷᠠᠭ᠎ᠠ ᠶᠢ ᠲᠦᠷᠭᠡᠨ ᠲᠠᠯᠪᠢᠵᠤ ᠭᠠᠷᠭᠠᠨ ᠠᠪᠴᠤ ᠪᠣᠯᠣᠨ᠎ᠠ᠃ ᠪᠤᠰᠤᠳ ᠮᠡᠳᠡᠭᠦᠯᠬᠦ ᠵᠦᠢᠯᠡᠰ ᠢ ᠪᠠᠷᠠᠭ᠎ᠠ ᠪᠠᠨ ᠭᠠᠷᠭᠠᠵᠤ ᠠᠪᠤᠭᠰᠠᠨ ᠤ ᠳᠠᠷᠠᠭᠠᠬᠢ 14 ᠡᠳᠦᠷ ᠤᠨ ᠳᠣᠲᠣᠷ᠎ᠠ ᠨᠥᠬᠦᠵᠦ ᠳᠠᠭᠤᠰᠬᠠᠬᠤ ᠶᠢᠨ ᠬᠠᠮᠲᠤ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠪᠠᠯ ᠪᠣᠯᠴᠢᠬᠠᠨ᠎ᠠ᠃      ᠡᠷᠢᠶᠡᠨ ᠤ ᠹᠦ᠋ ᠶᠦᠨ ᠪᠠᠷᠠᠭᠠᠨ ᠤ ᠲᠡᠭᠡᠭᠡᠪᠦᠷᠢ ᠶᠢᠨ ᠣᠷᠣᠯᠠᠨ ᠬᠦᠢᠴᠡᠳᠬᠡᠬᠦ ᠬᠢᠵᠠᠭᠠᠷᠲᠤ ᠺᠣᠮᠫᠠᠨᠢ ᠶᠢᠨ ᠪᠣᠭᠤᠮᠲᠠ ᠳᠤ ᠮᠡᠳᠡᠭᠦᠯᠦᠭᠴᠢ ᠮᠠ ᠲᠤᠤ ᠫᠢᠩ᠄ ︽ᠤᠳᠤ ᠪᠣᠭᠤᠮᠲᠠ ᠪᠠᠷ ᠥᠩᠭᠡᠷᠡᠬᠦ ᠬᠤᠷᠳᠤᠴᠠ ᠳᠠᠩᠴᠤ ᠲᠦᠷᠭᠡᠨ ᠪᠠᠶᠢᠨ᠎ᠠ᠂ ᠪᠠᠷᠠᠭ᠎ᠠ ᠶᠢ ᠰᠧᠺᠦ᠋ᠨ᠋ᠳ᠋ ᠤᠨ ᠲᠡᠰ ᠢᠶᠠᠷ ᠶᠠᠪᠤᠭᠤᠯᠬᠤ ᠶᠢ ᠪᠡᠶᠡᠯᠡᠭᠦᠯᠵᠦ ᠪᠣᠯᠣᠨ᠎ᠠ︕︾ ᠭᠡᠵᠦ ᠬᠡᠯᠡᠪᠡ᠃ ᠪᠣᠭᠤᠮᠲᠠ   ᠶᠢᠨ ᠬᠢᠨ ︿ᠬᠤᠶᠠᠷ ᠠᠯᠬᠤᠮ ᠢᠶᠠᠷ ᠮᠡᠳᠡᠭᠦᠯᠬᠦ﹀ ᠥᠭᠡᠷᠡᠴᠢᠯᠡᠯᠲᠡ   ᠶᠢᠨ ᠠᠷᠭ᠎ᠠ ᠬᠡᠮᠵᠢᠶ᠎ᠡ   ᠶᠢ ᠶᠡᠭᠡ ᠪᠠᠷ ᠳᠡᠯᠭᠡᠷᠡᠭᠦᠯᠵᠦ᠂ ᠺᠣᠮᠫᠠᠨᠢ   ᠶᠢᠨ ᠮᠡᠳᠡᠭᠦᠯᠬᠦ ᠬᠦᠴᠦᠨ ᠵᠦᠢᠯ ᠪᠦᠷᠢᠨ ᠪᠤᠰᠤ   ᠠᠴᠠ ᠪᠣᠯᠵᠤ ᠴᠠᠭ ᠨᠢ ᠬᠡᠲᠦ ᠣᠷᠳᠣ ᠪᠣᠯᠤᠭᠰᠠᠨ ᠠᠰᠠᠭᠤᠳᠠᠯ   ᠢ ᠰᠢᠢᠳᠪᠦᠷᠢᠯᠡᠵᠡᠢ᠃ ᠡᠭᠦᠨ ᠤ ᠵᠡᠷᠭᠡ ᠳᠤ ᠪᠠᠰᠠ ᠪᠢᠳᠡᠨ ᠳᠤ ︿ᠬᠤᠶᠠᠷ ᠠᠯᠬᠤᠮ ᠢᠶᠠᠷ ᠮᠡᠳᠡᠭᠦᠯᠬᠦ﹀ + ︿ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ﹀ ᠳᠠᠪᠬᠤᠴᠠᠬᠤ ᠲᠥᠷᠥ   ᠶᠢᠨ ᠪᠣᠳᠣᠯᠭ᠎ᠠ   ᠶᠢ ᠲᠣᠭᠲᠠᠭᠠᠨ ᠥᠭᠴᠡᠢ᠂ ᠭᠠᠶᠢᠯᠢ ᠲᠤᠰᠢᠶᠠᠬᠤ ᠬᠤᠭᠤᠴᠠᠭ᠎ᠠ   ᠶᠢ ᠬᠠᠮᠤᠭ ᠠᠷᠪᠢᠨ ᠳᠠᠭᠠᠨ ᠨᠢᠭᠡ ᠰᠠᠷ᠎ᠠ ᠤᠷᠲᠤᠳᠬᠠᠵᠤ ᠪᠣᠯᠣᠨ᠎ᠠ᠂ ᠡᠳᠡᠭᠡᠷ ᠨᠢ ᠠᠵᠤ ᠠᠬᠤᠶᠢᠯᠠᠯ ᠳᠤ ᠠᠪᠴᠤ ᠬᠡᠯᠡᠪᠡᠯ ᠦᠨᠡᠨ ᠪᠣᠳᠠᠲᠠᠢ ᠠᠰᠢᠭ ᠲᠤᠰᠠ ᠪᠣᠯᠬᠤ ᠶᠤᠮ  ︾ ᠭᠡᠵᠦ ᠬᠡᠯᠡᠪᠡ᠃     ᠣᠳᠣᠬᠠᠨ ᠳᠤ ︽ᠬᠤᠶᠠᠷ ᠠᠯᠬᠤᠮ ᠢᠶᠠᠷ ᠮᠡᠳᠡᠭᠦᠯᠬᠦ︾ ᠨᠢ ᠤᠤᠯ ᠤᠨ ︽ᠴᠠᠭ ᠲᠤ ᠮᠡᠳᠡᠭᠦᠯᠬᠦ︾ ᠪᠠᠶᠢᠭᠰᠠᠨ  ᠠᠴᠠ ᠪᠠᠨ ︽ᠶᠠᠪᠤᠴᠠ ᠪᠠᠷ ᠮᠡᠳᠡᠭᠦᠯᠬᠦ︾ ᠪᠣᠯᠵᠤ᠂ ᠬᠢᠨᠠᠯᠲᠠ ᠬᠠᠮᠢᠶᠠᠷᠤᠯᠲᠠ ᠶᠢ ᠪᠣᠭᠤᠮᠲᠠ ᠶᠢᠨ ᠭᠤᠭᠴᠤᠭ᠎ᠠ ᠳᠤ ᠲᠥᠪᠯᠡᠷᠡᠭᠦᠯᠬᠦ ᠦᠭᠡᠢ ᠪᠣᠯᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠪᠣᠭᠤᠮᠲᠠ ᠪᠠᠷ ᠥᠩᠭᠡᠷᠡᠬᠦ ᠶᠢ ᠥᠴᠥᠬᠡᠨ ᠴᠦ ᠤᠳᠠᠭᠠᠰᠢᠷᠠᠭᠤᠯᠬᠤ ᠦᠭᠡᠢ︾ ᠪᠠᠶᠢᠳᠠᠯ ᠢ ᠪᠠᠶᠢᠩᠭᠤ ᠶᠢᠨ ᠴᠢᠨᠠᠷᠳᠠᠢ ᠪᠣᠯᠭᠠᠭᠰᠠᠨ ᠪᠠᠶᠢᠨ᠎ᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号