【 ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠶ᠎ᠠ 】 | | | 4 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠥᠪᠥᠷ ᠮᠣᠩᠭᠤᠯ ᠤᠨ ᠠᠩᠬᠠᠳᠠᠭᠴᠢ ᠪᠦᠯᠦᠭ TIR | ᠣᠯᠠᠨ ᠤᠯᠤᠰ ᠤᠨ ᠲᠡᠭᠡᠭᠡᠪᠦᠷᠢ ᠶᠢᠨ ᠲᠡᠷᠭᠡ ᠡᠷᠢᠶᠡᠨ ᠪᠣᠭᠤᠮᠲᠠ ᠪᠠᠷ ᠬᠢᠯᠢ ᠠᠴᠠ ᠭᠠᠷᠪᠠ᠂ ᠡᠨᠡ ᠨᠢ ᠳᠤᠮᠳᠠᠳᠤ | ᠧᠦ᠋ᠷᠣᠫᠠ ᠶᠢᠨ ᠣᠯᠠᠨ ᠤᠯᠤᠰ ᠤᠨ ᠵᠠᠰᠠᠮᠠᠯ ᠵᠠᠮ ᠤᠨ ︽ᠬᠢᠯᠢ ᠶᠢᠨ ᠡᠭᠦᠳᠡᠨ ᠠᠴᠠ ᠲᠡᠭᠡᠭᠡᠪᠦᠷᠢᠯᠡᠬᠦ︾ ᠬᠤᠤᠰ | ᠴᠢᠭᠯᠡᠯ ᠤᠨ ᠳᠡᠭᠡᠭᠡᠪᠣᠷᠢ ᠡᠬᠢᠯᠡᠭᠰᠡᠨ ᠢ ᠬᠠᠷᠠᠭᠤᠯᠵᠤ ᠪᠠᠶᠢᠨ᠎ᠠ᠃ | | | ᠲᠣᠰ ᠪᠦᠯᠦᠭ ᠨᠢ TIR ᠣᠯᠠᠨ ᠤᠯᠤᠰ ᠤᠨ ᠲᠡᠭᠡᠭᠡᠪᠦᠷᠢ ᠶᠢᠨ ᠲᠡᠷᠭᠡ 6 ᠲᠡᠷᠭᠡ ᠪᠠᠷ ᠪᠦᠷᠢᠯᠳᠦᠵᠦ᠂ 120 | ᠭᠠᠷᠤᠶ ᠲᠣᠨ ᠪᠥᠭᠡᠭᠡᠨᠡᠷᠡᠯ ᠫᠷᠣᠫᠧᠨ ᠠᠰᠢᠯ ᠠᠮᠢᠨ ᠤ ᠮᠥᠬᠦᠯᠢᠭ ᠢ ᠠᠴᠢᠶᠠᠯᠠᠵᠤ᠂ ᠡᠷᠢᠶᠡᠨ ᠬᠤᠲᠠ ᠶᠢᠨ ᠵᠠᠰᠠᠮᠠᠯ | ᠵᠠᠮ ᠤᠨ ᠪᠣᠭᠤᠮᠲᠠ ᠪᠠᠷ ᠬᠢᠯᠢ ᠠᠴᠠ ᠭᠠᠷᠤᠭᠰᠠᠨ ᠤ ᠳᠠᠷᠠᠭ᠎ᠠ᠂ ᠣᠷᠣᠰ ᠲᠤ ᠬᠦᠷᠬᠦ ᠪᠣᠯᠤᠨ᠎ᠠ᠃ | | | | | ᠡᠷᠢᠶᠡᠨ ᠬᠤᠲᠠ ᠶᠢᠨ ᠵᠠᠮᠴᠢ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠺᠣᠮᠫᠠᠨᠢ ᠶᠢᠨ ᠶᠡᠷᠦᠩᠬᠡᠶ ᠳᠠᠭᠠᠭᠠᠮᠠᠯ | ᠲᠦᠩ ᠬᠠᠶ ᠾᠧ᠄ ︽ᠪᠣᠭᠤᠮᠲᠠ ᠶᠢᠨ TIR ᠣᠯᠠᠨ ᠤᠯᠤᠰ ᠤᠨ ᠪᠠᠷᠠᠭ᠎ᠠ ᠲᠡᠭᠡᠭᠡᠪᠦᠷᠢᠯᠡᠬᠦ ᠵᠠᠮ ᠨᠡᠪᠲᠡᠷᠡᠭᠰᠡᠨ ᠤ | ᠳᠠᠷᠠᠭ᠎ᠠ᠂ ᠠᠩᠬᠠᠳᠠᠭᠴᠢ ᠪᠦᠯᠦᠭ TIR ᠪᠠᠷᠠᠭ᠎ᠠ ᠶᠢ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠠᠴᠠ | ᠣᠷᠣᠰ ᠤᠨ ᠢᠷᠺᠦ᠋ᠼᠺ ᠳᠤ ᠰᠢᠭᠤᠳ ᠬᠦᠷᠭᠡᠬᠦ ᠨᠢ ᠦᠨᠡᠬᠡᠷ ᠳᠥᠭᠦᠮ ᠶᠤᠮ︾ ᠭᠡᠵᠦ ᠬᠡᠯᠡᠪᠡ᠃ | | | TIR ᠲᠡᠭᠡᠭᠡᠪᠦᠷᠢ ᠶᠢᠨ ᠵᠠᠭᠪᠤᠷ ᠨᠢ ᠵᠠᠮ ᠵᠠᠭᠤᠷ᠎ᠠ ᠲᠡᠷᠭᠡ ᠰᠣᠯᠢᠬᠤ ᠴᠢᠬᠤᠯᠠ ᠦᠭᠡᠢ ᠪᠣᠯᠵᠤ ᠬᠢᠯᠢ ᠪᠠᠷ | ᠣᠷᠣᠵᠤ ᠭᠠᠷᠬᠤ ᠳᠤ ᠵᠥᠪᠬᠡᠨ TIR ᠦᠨᠡᠮᠯᠡᠯ ᠤᠨ ᠮᠡᠳᠡᠭᠡ ᠵᠠᠩᠭᠢ ᠶᠢ ᠬᠠᠷᠭᠤᠭᠤᠯᠬᠤ ᠳᠤ ᠯᠠ ᠬᠠᠶᠢᠷᠴᠠᠭ ᠢ | ᠨᠡᠭᠡᠭᠡᠵᠦ ᠪᠠᠶᠢᠴᠠᠭᠠᠨ ᠰᠢᠯᠭᠠᠬᠤ ᠴᠢᠬᠤᠯᠠ ᠦᠭᠡᠢ᠃ ᠡᠨᠡ ᠬᠦ ᠲᠡᠭᠡᠭᠡᠪᠦᠷᠢ ᠶᠢᠨ ᠬᠡᠪ ᠵᠠᠭᠪᠤᠷ ᠨᠢ ᠬᠠᠮᠤᠭ | ᠥᠨᠳᠥᠷ ᠲᠡᠭᠡᠨ 58% ᠶᠢᠨ ᠲᠡᠭᠡᠭᠡᠪᠦᠷᠢ ᠶᠢᠨ ᠴᠠᠭ ᠪᠣᠯᠣᠨ 38% ᠶᠢᠨ ᠲᠡᠭᠡᠭᠡᠪᠦᠷᠢ ᠶᠢᠨ ᠥᠪᠡᠷ ᠤᠨ | ᠥᠷᠲᠡᠭ ᠢ ᠠᠷᠪᠢᠯᠠᠵᠤ ᠪᠣᠯᠣᠨ᠎ᠠ᠃ TIR ᠲᠡᠷᠭᠡ ᠬᠥᠰᠬᠡ ᠶᠢᠨ ᠪᠣᠭᠤᠮᠲᠠ ᠪᠠᠷ ᠤᠷᠤᠭᠰᠢᠲᠠᠶ ᠥᠩᠭᠡᠷᠡᠬᠦ ᠶᠢ ᠪᠥᠬᠦ | ᠬᠦᠴᠦᠨ ᠢᠶᠠᠷ ᠢᠶᠠᠨ ᠪᠠᠲᠤᠯᠠᠬᠤ ᠶᠢᠨ ᠳᠣᠯᠠᠳᠠ᠂ ᠡᠷᠢᠶᠡᠨ ᠪᠣᠭᠤᠮᠲᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ | ᠠᠪᠴᠤ᠂ TIR ᠲᠡᠷᠭᠡ ᠬᠥᠰᠬᠡ ᠶᠢᠨ ᠪᠣᠭᠤᠮᠲᠠ ᠪᠠᠷ ᠥᠩᠭᠡᠷᠡᠬᠦ ᠭᠠᠷᠳᠠᠮ ᠢ ᠤᠷᠢᠳᠠᠪᠠᠷ ᠬᠦᠢᠴᠡᠳᠬᠡᠵᠦ᠂ | ᠪᠣᠭᠤᠮᠲᠠ ᠪᠠᠷ ᠥᠩᠭᠡᠷᠡᠬᠦ ᠳᠤ ᠥᠨᠳᠥᠷ ᠪᠦᠲᠦᠮᠵᠢᠲᠡᠶ᠂ ᠲᠦᠷᠭᠡᠨ ᠪᠠᠶᠢᠬᠤ ᠶᠢ ᠦᠨᠡᠨᠬᠦ ᠪᠠᠲᠤᠯᠠᠪᠠ᠃ | ᠡᠷᠢᠶᠡᠨ ᠪᠣᠭᠤᠮᠲᠠ ᠶᠢᠨ ᠵᠠᠰᠠᠮᠠᠯ ᠵᠠᠮ ᠤᠨ ᠬᠢᠨᠠᠯᠲᠠ ᠬᠠᠮᠢᠶᠠᠷᠤᠯᠲᠠ ᠶᠢᠨ ᠨᠢᠭᠡᠳᠦᠭᠡᠷ ᠰᠠᠯᠠᠭᠠᠨ ᠤ ᠳᠡᠳ᠋ | ᠳᠠᠷᠤᠭ᠎ᠠ ᠶᠧ ᠱᠤᠸᠠᠢ᠄ ︽ᠡᠨᠡ ᠪᠣᠯ ᠡᠷᠢᠶᠡᠨ ᠪᠣᠭᠤᠮᠲᠠ ᠶᠢᠨ ᠠᠩᠬᠠᠳᠠᠭᠴᠢ TIR ᠣᠯᠠᠨ ᠤᠯᠤᠰ ᠤᠨ | ᠪᠠᠷᠠᠭᠠᠨ ᠤ ᠲᠡᠭᠡᠭᠡᠪᠦᠷᠢ ᠪᠠᠷ ᠬᠢᠯᠢ ᠠᠴᠠ ᠭᠠᠷᠬᠤ ᠲᠡᠷᠭᠡ ᠪᠣᠯᠤᠨ᠎ᠠ᠃ TIR ᠲᠡᠭᠡᠭᠡᠪᠦᠷᠢ ᠶᠢ ᠬᠡᠷᠡᠭᠵᠢᠭᠦᠯᠪᠡᠯ᠂ | ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠠᠭ ᠢ ᠪᠦᠲᠦᠮᠵᠢᠲᠡᠶ ᠪᠣᠭᠤᠨᠢᠰᠬᠠᠵᠤ᠂ | ᠳᠤᠮᠳᠠᠳᠤ ᠤᠯᠤᠰ ᠬᠢᠭᠡᠳ ᠣᠷᠣᠰ ᠮᠣᠩᠭᠤᠯ ᠵᠡᠷᠭᠡ ︿ᠨᠢᠭᠡ ᠪᠦᠰᠡ ᠨᠢᠭᠡ ᠵᠠᠮ﹀ ᠳᠠᠭᠠᠤ ᠶᠢᠨ ᠤᠯᠤᠰ ᠯᠤᠭ᠎ᠠ ᠶᠢᠨ | ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠵᠦ ᠪᠣᠯᠤᠨ᠎ᠠ︾ ᠭᠡᠪᠡ᠃ | TIR ᠲᠤᠬᠠᠶᠢᠯᠠᠪᠠᠯ ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠶᠢᠨ ᠨᠡᠶᠢᠲᠡ ᠶᠢᠨ ᠭᠡᠷ᠎ᠡ᠂ TIR | ᠨᠡᠶᠢᠲᠡ ᠶᠢᠨ ᠭᠡᠷ᠎ᠡ ᠶᠢᠨ ᠭᠡᠷ᠎ᠡ ᠲᠣᠭᠲᠠᠭᠰᠠᠨ ᠤᠯᠤᠰ ᠤᠨ ᠣᠯᠠᠩᠬᠢ ᠨᠢ ︽ᠲᠣᠷᠭᠠᠨ ᠵᠠᠮ ᠤᠨ ᠠᠵᠤ ᠠᠬᠤᠶ ᠶᠢᠨ | ᠪᠦᠰᠡ︾ ᠳᠠᠭᠠᠤ ᠶᠢᠨ ᠴᠢᠬᠤᠯᠠ ᠭᠠᠵᠠᠷ ᠣᠷᠣᠨ ᠳᠤ ᠪᠠᠶᠢᠨ᠎ᠠ᠃ |