ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠫᠢᠩᠫᠠᠩ ᠪᠥᠮᠪᠦᠭᠡ᠂ ᠥᠲᠥᠨ ᠪᠥᠮᠪᠦᠭᠡ ᠶᠢᠨ ᠤᠷᠤᠯᠳᠤᠭᠠᠨ ᠥᠨᠳᠥᠷᠯᠡᠪᠡ
ᠨᠡᠶᠢᠲᠡᠯᠡᠭᠰᠡᠨ ᠴᠠᠭ᠄
2023/4/11
     4 ᠰᠠᠷ᠎ᠠ ᠶᠢᠨ 9 ᠤ ᠡᠳᠦᠷ᠂ ᠮᠠᠨ ᠤ ᠬᠤᠲᠠ ᠶᠢᠨ ᠠᠩᠬᠠᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠪᠡᠶ᠎ᠡ ᠶᠢᠨ ᠲᠠᠮᠢᠷ ᠤᠨ ᠱᠠᠩᠨᠠᠯᠲᠤ ᠰᠤᠭᠤᠯᠤᠭ᠎ᠠ ᠬᠤᠨᠳᠠᠭᠠᠲᠤ︾ ᠫᠢᠩᠫᠠᠩ ᠪᠥᠮᠪᠦᠭᠡ᠂ ᠥᠲᠥᠨ ᠪᠥᠮᠪᠦᠭᠡ ᠶᠢᠨ ᠤᠷᠤᠯᠳᠤᠭᠠᠨ ᠥᠨᠳᠥᠷᠯᠡᠪᠡ᠃    ᠲᠣᠰ ᠤᠳᠠᠭᠠᠨ ᠤ ᠤᠷᠤᠯᠳᠤᠭᠠᠨ ᠢ ᠬᠤᠲᠠ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠬᠤᠲᠠ ᠶᠢᠨ ᠫᠢᠩᠫᠠᠩ ᠪᠥᠮᠪᠦᠭᠡ ᠶᠢᠨ ᠨᠡᠶᠢᠭᠡᠮᠯᠢᠭ᠂ ᠥᠳᠥᠨ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ 300 ᠭᠠᠷᠤᠶ ᠫᠢᠩᠫᠠᠩ ᠪᠥᠮᠪᠦᠭᠡ᠂ ᠥᠲᠥᠨ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠢ ᠣᠷᠣᠯᠴᠠᠪᠠ᠃      ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠸᠠᠩ ᠬᠤᠤ ᠸᠧᠨ᠄ ︽ᠡᠷᠬᠢᠯᠡᠨ ᠭᠦᠢᠴᠡᠳᠬᠡᠭᠴᠢ ᠲᠠᠯ᠎ᠠ ᠶᠢᠨ ᠬᠢᠨ ᠲᠤᠰ ᠤᠳᠠᠭ᠎ᠠ ᠶᠢᠨ ᠤᠷᠤᠯᠳᠤᠭᠠᠨ ᠢ ᠡᠷᠬᠢᠯᠡᠭᠰᠡᠨ ᠳᠤ ᠮᠠᠰᠢ ᠲᠠᠯᠠᠷᠬᠠᠵᠤ ᠪᠠᠶᠢᠨ᠎ᠠ᠂ ᠪᠢᠳᠡ ᠤᠷᠤᠯᠳᠤᠭᠠᠨ ᠳᠤ ᠠᠮᠵᠢᠯᠲᠠ ᠪᠦᠲᠦᠮᠵᠢ᠂ ᠪᠠᠶᠠᠷ ᠪᠠᠶᠠᠰᠤᠯ ᠡᠷᠡᠬᠦᠯ ᠴᠢᠬᠢᠷᠠᠭ ᠢ ᠮᠡᠳᠡᠷᠡᠵᠦ ᠣᠯᠤᠭᠰᠠᠨ ᠢᠶᠠᠷ ᠪᠠᠷᠠᠬᠤ ᠦᠭᠡᠢ᠂ ᠨᠡᠩ ᠤᠯᠠᠨ ᠨᠥᠬᠦᠷᠯᠡᠯ ᠣᠯᠵᠠᠢ᠃  ᠡᠶᠢᠮᠦ ᠤᠷᠤᠯᠳᠤᠭᠠᠨ ᠢ ᠦᠷᠭᠦᠯᠵᠢᠯᠡᠨ ᠡᠷᠬᠢᠯᠡᠬᠦ ᠶᠢ ᠬᠦᠰᠡᠵᠦ  ᠪᠠᠶᠢᠨ᠎ᠠ︾ ᠭᠡᠪᠡ᠃    ᠲᠣᠰ ᠤᠳᠠᠭᠠᠨ ᠤ ᠤᠷᠤᠯᠳᠤᠭᠠᠨ ᠨᠢ ᠣᠯᠠᠨ ᠲᠦᠮᠡᠨ ᠳᠤ ᠪᠡᠶ᠎ᠡ ᠮᠠᠬᠠᠪᠣᠳ ᠢᠶᠠᠨ ᠪᠣᠯᠪᠠᠰᠤᠷᠠᠭᠤᠯᠬᠤ᠂ ᠰᠣᠯᠢᠯᠴᠠᠭ᠎ᠠ ᠪᠠᠨ ᠨᠡᠮᠡᠭᠳᠡᠭᠦᠯᠬᠦ ᠲᠠᠪᠴᠠᠩ ᠪᠠᠶᠢᠭᠤᠯᠵᠤ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠬᠠᠮᠰᠠᠷ ᠢ ᠴᠢᠩᠭᠠᠷᠠᠭᠤᠯᠤᠨ᠂ ᠥᠷᠭᠡᠨ ᠣᠯᠠᠨ ᠲᠦᠮᠡᠨ ᠤ ᠪᠡᠶ᠎ᠡ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠵᠤ᠂ ᠢᠳᠡᠪᠬᠢᠲᠡᠶ᠂ ᠡᠷᠡᠭᠦᠯ ᠴᠢᠭᠢᠷᠠᠭ᠂ ᠥᠭᠡᠳᠡᠷᠬᠡᠭ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号