ᠶᠠᠨ ᠬᠤᠩ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠷᠭᠡᠨ ᠤ ᠵᠥᠪᠯᠡᠯᠭᠡᠨ ᠤ ᠲᠡᠷᠢᠭᠦᠯᠡᠭᠴᠢ ᠨᠠ᠊ · ᠠᠯᠳᠠᠷᠪᠠᠶᠠᠷ ᠲᠠᠢ ᠠᠭᠤᠯᠪᠠ
ᠨᠡᠶᠢᠲᠡᠯᠡᠭᠰᠡᠨ ᠴᠠᠭ᠄
2023/4/12
     4 ᠰᠠᠷ᠎ᠠ ᠶᠢᠨ 11 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠶᠠᠨ ᠬᠤᠩ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠷᠭᠡᠨ ᠤ ᠵᠥᠪᠯᠡᠯᠭᠡᠨ ᠤ ᠲᠡᠷᠢᠭᠦᠯᠡᠭᠴᠢ ᠨᠠ᠊ · ᠠᠯᠲᠠᠨᠪᠠᠶᠠᠷ ᠲᠠᠢ ᠠᠭᠤᠯᠵᠠᠪᠠ᠃ ᠬᠤᠲᠠ ᠶᠢᠨ ᠤᠳᠤᠷᠢᠳᠤᠯᠭ᠎ᠠ ᠳ᠋ᠦᠩ ᠵᠢᠶᠧ ᠹᠧᠩ ᠠᠭᠤᠯᠵᠠᠯᠲᠠ ᠳᠤ ᠣᠷᠣᠯᠴᠠᠪᠠ᠃    ᠶᠠᠨ ᠬᠤᠩ ᠨᠠ᠊ ᠠᠯᠳᠠᠷᠪᠠᠶᠠᠷ ᠨᠠᠷ ᠤᠨ ᠠᠶᠢᠯᠴᠢᠯᠠᠯ ᠢᠶᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠤᠢᠢᠷ᠎ᠠ ᠶᠢᠨ ᠵᠢᠯ ᠠᠴᠠ ᠳᠤᠮᠳᠠᠳᠤ ᠮᠣᠩᠭᠤᠯ ᠬᠤᠶᠠᠷ ᠤᠯᠤᠰ ᠤᠨ ᠲᠡᠷᠢᠭᠦᠨ ᠤ ᠰᠢᠭᠤᠳ ᠠᠬᠢᠭᠤᠯᠤᠯ ᠳᠣᠣᠷ᠎ᠠ᠂ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠬᠤᠶᠠᠷ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠬᠠᠮᠲᠤᠷᠠᠯᠴᠠᠭ᠎ᠠ ᠲᠦᠷᠭᠡᠨ ᠬᠥᠭᠵᠢᠵᠡᠢ᠃ ᠡᠨᠡ ᠵᠢᠯ ᠮᠠᠨ ᠤ ᠬᠤᠲᠠ ᠪᠣᠭᠤᠮᠲᠠ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠬᠤᠶᠠᠷ ᠲᠠᠯ᠎ᠠ ᠪᠠᠷ ᠢᠶᠠᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠬᠤᠶᠠᠷ ᠤᠯᠤᠰ ᠤᠨ ᠠᠵᠤ ᠠᠬᠤᠶ ᠠᠷᠠᠯᠵᠢᠶ᠎ᠠ᠂ ᠰᠣᠶᠣᠯ ᠢᠷᠭᠡᠨᠰᠢᠯ ᠵᠡᠷᠭᠡ ᠬᠦᠷᠢᠶᠡᠨ ᠳᠠᠬᠢ ᠪᠣᠳᠠᠲᠠᠶ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠭᠡᠪᠡ᠃    ᠨᠠ᠊ · ᠠᠯᠲᠠᠨᠪᠠᠶᠠᠷ ᠮᠠᠨ ᠤ ᠬᠤᠲᠠ ᠶᠢᠨ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠪᠢᠳᠡ ᠪᠣᠯ ᠰᠢᠯᠵᠢᠰᠢ ᠦᠭᠡᠢ ᠬᠥᠷᠰᠢ ᠵᠡᠷᠭᠡᠯᠡᠳᠡᠭᠡ᠂ ᠰᠠᠯᠵᠤ ᠪᠣᠯᠤᠰᠢ ᠦᠭᠡᠢ ᠬᠠᠨᠢᠲᠠᠨ ᠮᠥᠨ᠂ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠠᠭᠤᠯᠵᠠᠯᠲᠠ ᠪᠠᠷ ᠠᠵᠠ ᠲᠣᠬᠢᠶᠠᠯ ᠪᠣᠯᠭᠠᠵᠤ᠂ ᠨᠥᠬᠦᠷᠰᠡᠭ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠬᠥᠭᠵᠢᠯᠲᠡ ᠶᠢ ᠬᠠᠮᠲᠤᠪᠠᠷ ᠡᠷᠢᠯᠬᠢᠯᠡᠬᠦ ᠶᠢ ᠬᠦᠰᠡᠵᠦ ᠪᠠᠶᠢᠨ᠎ᠠ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号