ᠨᠢᠭᠡᠳᠦᠭᠡᠷ ᠤᠯᠠᠷᠢᠯ ᠳᠤ ᠰᠠᠶᠢᠬᠤᠰᠦ ᠨᠢᠰᠬᠡᠯ ᠤᠨ ᠪᠠᠭᠤᠳᠠᠯ ᠤᠨ ᠠᠶᠠᠨᠴᠢᠳ ᠪᠠ ᠪᠠᠷᠠᠭ᠎ᠠ ᠶᠢᠨ ᠣᠷᠣᠭᠤᠯᠵᠤ ᠭᠠᠷᠭᠠᠬᠤ ᠬᠡᠮᠵᠢᠶ᠎ᠡ ᠨᠡᠮᠡᠭᠳᠡᠪᠡ
ᠨᠡᠶᠢᠲᠡᠯᠡᠭᠰᠡᠨ ᠴᠠᠭ᠄
2023/4/13
    ᠡᠨᠡ ᠵᠢᠯ ᠠᠴᠠ ᠨᠠᠰᠢ᠂ ᠰᠠᠶᠢᠬᠤᠰᠦ ᠨᠢᠰᠬᠡᠯ ᠤᠨ ᠪᠠᠭᠤᠳᠠᠯ ᠤᠨ ᠺᠣᠮᠫᠠᠨᠢ ᠵᠠᠬ᠎ᠠ ᠳᠡᠯᠭᠡᠭᠦᠷ ᠤᠨ ᠰᠠᠶᠢᠵᠢᠷᠠᠬᠤ ᠠᠵᠠ ᠲᠣᠬᠢᠶᠠᠯ ᠢ ᠠᠮᠵᠢᠵᠤ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠭᠠᠷ ᠤᠨ ᠠᠶᠠᠯᠠᠯ ᠤᠨ ᠲᠤᠬᠠᠶᠢᠯᠠᠭᠰᠠᠨ ᠠᠵᠢᠯ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃
    ᠪᠦᠷᠢᠳᠬᠡᠯ ᠢ ᠦᠨᠳᠦᠰᠦᠯᠡᠪᠡᠯ᠂ ᠡᠨᠡ ᠵᠢᠯ ᠤᠨ ᠨᠢᠭᠡᠳᠦᠭᠡᠷ ᠤᠯᠠᠷᠢᠯ ᠳᠤ᠂ ᠰᠠᠶᠢᠬᠤᠰᠦ ᠨᠢᠰᠬᠡᠯ ᠤᠨ ᠪᠠᠭᠤᠳᠠᠯ ᠠᠶᠠᠨᠴᠢᠳ ᠤᠨ ᠣᠷᠣᠭᠤᠯᠵᠤ ᠭᠠᠷᠭᠠᠬᠤ ᠬᠡᠮᠵᠢᠶ᠎ᠡ ᠶᠢ 39761 ᠬᠥᠮᠦᠨ ᠤᠳᠠᠭ᠎ᠠ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 111.7% ᠪᠠᠷ ᠳᠡᠭᠡᠭᠰᠢᠯᠡᠪᠡ︔ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠤᠨ ᠨᠢᠰᠴᠦ ᠪᠠᠭᠤᠭᠰᠠᠨ ᠬᠡᠮᠵᠢᠶ᠎ᠡ 830 ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.5% ᠪᠠᠷ ᠳᠡᠭᠡᠭᠰᠢᠯᠡᠪᠡ︔ ᠪᠠᠷᠠᠭ᠎ᠠ ᠲᠡᠭᠡᠭᠡᠪᠦᠷᠢ ᠶᠢᠨ ᠰᠢᠤᠳᠠᠨ ᠤ ᠣᠷᠣᠭᠤᠯᠵᠤ ᠭᠠᠷᠭᠠᠬᠤ ᠬᠡᠮᠵᠢᠶ᠎ᠡ 1.5 ᠲᠣᠨ ᠳᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 400% ᠪᠠᠷ ᠳᠡᠭᠡᠭᠰᠢᠯᠡᠨ᠂ ᠡᠯ᠎ᠡ ᠵᠦᠢᠯ ᠤᠨ ᠦᠢᠯᠡᠳᠪᠦᠷᠢᠯᠡᠯ ᠤᠨ ᠭᠦᠢᠴᠡᠳᠬᠡᠯ ᠲᠤᠭ᠎ᠠ ᠴᠥᠮ ︽ᠰᠠᠶᠢᠨ ᠡᠬᠢᠯᠡᠯᠲᠡ︾ ᠲᠠᠢ ᠪᠣᠯᠪᠠ᠃
    ᠬᠢᠯᠢ ᠶᠢᠨ ᠪᠣᠭᠤᠮᠲᠠ ᠶᠢᠨ ᠬᠡᠪ ᠤᠨ ᠪᠠᠶᠢᠳᠠᠯ ᠢᠶᠠᠷ ᠪᠣᠭᠤᠮᠲᠠ ᠥᠩᠭᠡᠷᠡᠬᠦ ᠶᠢ ᠰᠡᠷᠭᠦᠭᠡᠭᠰᠡᠨ ᠠᠴᠠ ᠨᠠᠰᠢ᠂ ᠰᠠᠶᠢᠬᠤᠰᠦ ᠨᠢᠰᠬᠡᠯ ᠤᠨ ᠪᠠᠭᠤᠳᠠᠯ ᠨᠢ ᠠᠭᠠᠷ ᠤᠨ ᠠᠶᠠᠯᠠᠯ ᠤᠨ ᠺᠣᠮᠫᠠᠨᠢ ᠶᠢ ᠢᠳᠡᠪᠬᠢᠲᠡᠢ ᠵᠣᠬᠢᠴᠠᠭᠤᠯᠵᠤ᠂ ᠲᠡᠭᠡᠭᠡᠪᠦᠷᠢ ᠶᠢᠨ ᠬᠦᠴᠦᠨ ᠤ ᠣᠷᠣᠭᠤᠯᠤᠯᠲᠠ ᠶᠢ ᠨᠡᠮᠡᠭᠳᠡᠭᠦᠯᠵᠦ᠂ ᠠᠭᠠᠷ ᠤᠨ ᠱᠤᠭᠤᠮ ᠤᠨ ᠰᠦᠯᠵᠢᠶᠡᠨ ᠤ ᠪᠠᠶᠢᠷᠢᠰᠢᠯ ᠢ ᠰᠢᠯᠢᠳᠡᠭᠵᠢᠭᠦᠯᠵᠦ᠂ ᠤᠯᠠᠨ ᠲᠦᠮᠡᠨ ᠤ ᠵᠠᠬ᠎ᠠ ᠳᠡᠯᠭᠡᠭᠦᠷ ᠤᠨ ᠨᠡᠭᠡᠭᠡᠨ ᠬᠥᠭᠵᠢᠭᠦᠯᠦᠯᠲᠡ ᠶᠢ ᠴᠢᠩᠭᠠᠳᠬᠠᠵᠤ᠂ ᠠᠭᠠᠷ ᠤᠨ ᠠᠶᠠᠯᠠᠯ ᠤᠨ ᠵᠠᠬ᠎ᠠ ᠳᠡᠯᠭᠡᠭᠦᠷ ᠢ ᠪᠦᠬᠦ ᠬᠦᠴᠦᠨ ᠢᠶᠠᠷ ᠢᠶᠠᠨ ᠰᠡᠷᠭᠦᠭᠡᠪᠡ᠃ ᠪᠡᠭᠡᠵᠢᠩ᠂ ᠬᠥᠬᠡᠬᠤᠲᠠ᠂ ᠰᠢᠯᠢᠩᠬᠤᠲᠠ ᠶᠢᠨ ︽ᠬᠤᠶᠠᠷ ᠬᠤᠳᠠ ᠨᠢᠭᠡ ᠨᠠᠶᠢᠰᠯᠡᠯ︾ ᠤᠨ ᠠᠭᠠᠷ ᠤᠨ ᠠᠶᠠᠯᠠᠯ ᠤᠨ ᠲᠣᠣᠷ ᠢ ᠲᠣᠭᠲᠠᠭᠤᠨ ᠢᠶᠠᠷ ᠠᠵᠢᠯᠯᠠᠭᠤᠯᠬᠤ ᠶᠢᠨ ᠬᠠᠮᠲᠤ᠂ ᠡᠷᠢᠶᠡᠨ ᠬᠤᠲᠠ ᠠᠴᠠ ᠴᠧᠩᠳᠦ᠋᠂ ᠢᠷᠭᠠᠢ᠂ ᠪᠤᠭᠤᠲᠤ᠂ ᠮᠠᠨᠵᠤᠤᠷ ᠵᠡᠷᠭᠡ ᠡᠭᠡᠯᠵᠢ ᠶᠢᠨ ᠨᠢᠰᠬᠡᠯ ᠢ ᠰᠢᠨ᠎ᠡ ᠪᠠᠷ ᠨᠡᠪᠲᠡᠷᠡᠭᠦᠯᠵᠦ᠂ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠱᠤᠭᠤᠮ ᠤᠨ ᠲᠣᠣᠷ ᠰᠦᠯᠵᠢᠶ᠎ᠡ ᠨᠢ ︽ᠪᠡᠭᠡᠵᠢᠩ ᠲᠢᠶᠠᠨᠵᠢᠨ ᠾᠧᠪᠸᠢ᠂ ᠴᠧᠩᠳᠦ ᠴᠦᠩᠴᠢᠩ᠂ ᠬᠥᠬᠡᠬᠤᠲᠠ ᠪᠤᠭᠤᠲᠤ ᠣᠷᠳᠣᠰ︾ 3 ᠠᠵᠤ ᠠᠬᠤᠢ ᠶᠢᠨ ᠲᠣᠭᠤᠷᠢᠭ᠂ 10 ᠬᠤᠲᠠ ᠳᠤ ᠪᠦᠲᠦᠮᠵᠢᠲᠡᠢ ᠬᠠᠮᠤᠷᠴᠤ ᠂ ᠲᠡᠭᠡᠭᠡᠪᠦᠷᠢ ᠶᠢᠨ ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠰᠠᠶᠢᠵᠢᠷᠠᠬᠤ ᠪᠣᠯᠣᠨ᠎ᠠ᠃    ᠰᠠᠶᠢᠬᠤᠰᠦ ᠨᠢᠰᠬᠡᠯ ᠤᠨ ᠪᠠᠭᠤᠳᠠᠯ ᠤᠨ ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠲᠥᠪ ᠤᠨ ᠠᠵᠢᠯᠲᠠᠨ ᠳ᠋ᠤᠸᠠᠨ ᠸᠧᠢ ᠵᠢᠶᠧ ᠬᠡᠯᠡᠬᠦ ᠳᠡᠭᠡᠨ᠄ ︽ᠲᠠᠷᠠᠭᠠᠴᠢ ᠶᠢᠨ ᠠᠯᠬᠤᠮ ᠳᠤ᠂ ᠨᠢᠰᠬᠡᠯ ᠤᠨ ᠪᠠᠭᠤᠳᠠᠯ ᠤᠨ ᠺᠣᠮᠫᠠᠨᠢ ᠣᠲᠣ ᠶᠢᠨ ᠪᠠᠶᠢᠭ᠎ᠠ ᠡᠭᠡᠯᠵᠢ ᠶᠢᠨ ᠨᠢᠰᠬᠡᠯ ᠤᠨ ᠰᠠᠭᠤᠷᠢᠨ ᠳᠡᠭᠡᠷ᠎ᠡ᠂ ᠡᠷᠢᠶᠡᠨ ᠬᠤᠲᠠ ᠠᠴᠠ ᠤᠯᠠᠭᠠᠨᠪᠠᠭᠠᠲᠤᠷ ᠬᠦᠷᠬᠦ ᠵᠡᠷᠭᠡ ᠠᠭᠠᠷ ᠤᠨ ᠱᠤᠭᠤᠮ ᠢ ᠰᠡᠷᠭᠦᠭᠡᠬᠦ ᠪᠠᠷ ᠢᠳᠡᠪᠬᠢᠯᠡᠨ ᠴᠢᠷᠮᠠᠶᠢᠵᠤ᠂ ᠣᠯᠠᠨ ᠲᠦᠮᠡᠨ ᠤ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ᠬᠤᠲᠠ ᠶᠢᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠂ ᠪᠣᠭᠤᠮᠲᠠ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠣᠨ᠎ᠠ︾ ᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号