ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠢ ᠶᠡᠭᠡ ᠪᠠᠷ ᠪᠠᠭᠠᠰᠬᠠᠪᠠ
ᠨᠡᠶᠢᠲᠡᠯᠡᠭᠰᠡᠨ ᠴᠠᠭ᠄
2023/4/13
【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠬᠦᠯᠦᠶ᠎ᠡ 】 ᠨᠡᠩ ᠬᠤᠷᠳᠤᠨ ᠨᠡᠩ ᠰᠠᠭᠠᠳ ᠦᠭᠡᠢ  ︕
      ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠬᠤᠲᠠ ᠶᠢᠨ ᠭᠠᠳᠠᠭᠠᠳᠤ ᠠᠴᠠ ᠣᠷᠣᠭᠤᠯᠵᠦ ᠭᠠᠷᠭᠠᠬᠤ ᠪᠦᠬᠦᠯᠢ ᠴᠣᠭᠴᠠ ᠶᠢᠨ ᠪᠣᠭᠤᠮᠲᠠ ᠪᠠᠷ ᠥᠩᠭᠡᠷᠡᠬᠦ ᠴᠠᠭ ᠨᠢ ᠲᠣᠰ ᠲᠣᠰ 28.09 ᠴᠠᠭ᠂ 0.07 ᠴᠠᠭ ᠪᠠᠶᠢᠵᠤ᠂ 2017 ᠣᠨ ᠤ ᠬᠢ ᠠᠴᠠ ᠲᠣᠰ ᠲᠣᠰ 84.7% ᠪᠠ 96.4% ᠪᠠᠷ ᠶᠡᠭᠡ ᠪᠠᠷ ᠪᠠᠭᠠᠰᠪᠠ᠃    ᠡᠨᠡ ᠵᠢᠯ ᠠᠴᠠ ᠨᠠᠰᠢ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠳᠣᠬᠠᠶᠢᠯᠠᠭᠰᠠᠨ ᠠᠵᠢᠯ ᠤᠨ ᠲᠦᠷᠭᠡᠨ ᠰᠡᠷᠭᠦᠬᠦ ᠶᠢ ᠳᠠᠭᠠᠯᠳᠤᠨ᠂ ᠡᠷᠢᠶᠡᠨ ᠬᠤᠲᠠ ᠶᠢᠨ ᠪᠣᠭᠤᠮᠲᠠ ᠥᠩᠭᠡᠷᠡᠬᠦ ᠴᠠᠭ ᠢ ᠪᠠᠭᠠᠰᠬᠠᠬᠤ ᠪᠠᠷ ᠬᠦᠴᠦᠯᠡᠬᠦ ᠴᠡᠭ ᠪᠣᠯᠭᠠᠵᠤ᠂ ︽ᠬᠤᠶᠠᠷ ᠠᠯᠬᠤᠮ ᠢᠶᠠᠷ ᠭᠤᠶᠤᠴᠢᠯᠠᠨ ᠮᠡᠳᠡᠭᠦᠯᠬᠦ︾᠂ ︽ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ︾ ᠵᠡᠷᠭᠡ ᠣᠯᠠᠨ ᠵᠦᠢᠯ ᠤᠨ ᠭᠤᠶᠤᠴᠢᠯᠠᠨ ᠮᠡᠳᠡᠭᠦᠯᠬᠦ ᠵᠠᠭᠪᠤᠷ ᠢ ᠶᠡᠬᠡᠪᠡᠷ ᠳᠡᠯᠭᠡᠷᠡᠭᠦᠯᠵᠦ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠢ ᠵᠢᠯᠣᠭᠤᠳᠤᠨ ︽ᠬᠤᠶᠠᠷ ᠬᠡᠰᠡᠭ ᠢᠶᠠᠷ ᠣᠷᠣᠬᠤ︾᠂ ︽ ᠬᠤᠷᠢᠶᠠᠩᠭᠤᠶᠢᠯᠠᠨ ᠭᠠᠶᠢᠯᠢ ᠲᠠᠲᠠᠪᠤᠷᠢᠯᠠᠬᠤ︾ ᠵᠡᠷᠭᠡ ᠪᠣᠭᠤᠮᠲᠠ ᠪᠠᠷ ᠥᠩᠭᠡᠷᠡᠬᠦ ᠠᠷᠭ᠎ᠠ ᠬᠡᠯᠪᠡᠷᠢ ᠶᠢ ᠠᠮᠢᠳᠤᠯᠢᠭ ᠢᠶᠠᠷ ᠨᠡᠮᠡᠵᠦ ᠬᠡᠷᠡᠭᠯᠡᠬᠦ ᠶᠢ ᠵᠢᠯᠣᠭᠤᠳᠤᠨ᠂ ︽ᠬᠢᠨᠠᠨ ᠬᠠᠮᠢᠶᠠᠷᠤᠯᠲᠠ ᠶᠢ ᠰᠢᠯᠢᠳᠡᠭᠵᠢᠬᠦᠯᠵᠦ᠂ ᠳᠠᠪᠠᠭᠤᠯᠢᠭ ᠢᠶᠠᠨ ᠨᠡᠮᠡᠭᠳᠡᠬᠦᠯᠬᠦ︾ ᠶᠢ ᠦᠨᠡᠨᠬᠦ ᠪᠡᠶᠡᠯᠡᠭᠦᠯᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠬᠦᠯᠦᠭᠰᠡᠨ ᠪᠠᠶᠢᠨ᠎ᠠ᠃    ᠳᠤᠮᠳᠠᠳᠤ ᠤᠯᠤᠰ ᠤᠨ ᠭᠠᠳᠠᠭᠠᠳᠤ ᠲᠡᠭᠡᠭᠡᠪᠦᠷᠢ ᠶᠢᠨ ᠤᠮᠠᠷᠠᠲᠤ ᠣᠷᠣᠨ ᠤ ᠬᠢᠵᠠᠭᠠᠷᠲᠤ ᠺᠣᠮᠫᠠᠨᠢ ᠶᠢᠨ ᠡᠷᠢᠶᠡᠨ ᠬᠤᠲᠠ ᠶᠢᠨ ᠬᠤᠪᠢᠶᠠᠷᠢ ᠺᠣᠮᠫᠠᠨᠢ ᠶᠢᠨ ᠲᠡᠮᠦᠷ ᠵᠠᠮ ᠤᠨ ᠪᠠᠷᠠᠭᠠᠨ ᠤ ᠣᠷᠣᠯᠠᠨ ᠭᠦᠢᠴᠡᠳᠬᠡᠬᠦ ᠬᠡᠯᠲᠡᠰ ᠤᠨ ᠭᠤᠤᠯᠴᠢᠯᠠᠨ ᠬᠠᠮᠢᠶᠠᠷᠬᠤ ᠯᠢᠦ ᠶᠠᠩ᠄ ︽ᠡᠮᠦᠨ᠎ᠡ ᠬᠡᠳᠦᠨ ᠵᠢᠯ ᠲᠠᠢ ᠬᠠᠷᠢᠴᠠᠭᠤᠯᠪᠠᠯ᠂ ᠣᠲᠣ ᠨᠢᠭᠡᠨᠲᠡ ᠪᠣᠭᠤᠮᠲᠠ ᠳᠤ ᠮᠡᠳᠡᠭᠦᠯᠦᠭᠴᠢ ᠠᠵᠤ ᠠᠬᠤᠶᠢᠯᠠᠯ ᠳᠤ ᠪᠠᠶᠢᠨ᠎ᠠ᠂ ᠴᠢᠨᠠᠭᠰᠢᠯᠠᠪᠠᠯ ᠬᠡᠷ ᠲᠤ ᠪᠠᠨ ᠰᠠᠭᠤᠵᠦ ᠪᠡᠶᠡᠯᠡᠭᠦᠯᠵᠦ ᠪᠣᠯᠣᠨ᠎ᠠ᠂ ᠭᠠᠶᠢᠯᠢ ᠰᠦᠢᠳᠬᠡᠯ ᠢ ᠡᠯᠧᠺᠲ᠋ᠣᠷᠣᠨ ᠢᠶᠠᠷ ᠥᠭᠬᠦ ᠪᠥᠭᠡᠳ ᠪᠠᠶᠢᠴᠠᠭᠠᠨ ᠰᠢᠯᠭᠠᠬᠤ ᠴᠢᠬᠤᠯᠠ ᠥᠬᠡᠶ ᠪᠠᠶᠢᠳᠠᠯ ᠳᠣᠤᠷ᠎ᠠ᠂ ᠭᠤᠶᠤᠴᠢᠯᠠᠨ ᠮᠡᠳᠡᠭᠦᠯᠪᠡᠯ ᠳᠠᠷᠤᠶ ᠶᠠᠪᠤᠭᠤᠯᠵᠤ᠂ ᠤᠳᠠᠭᠠᠨ ᠳᠠᠭᠠᠭᠠᠮᠠᠭᠠᠶ ᠲᠠᠯᠪᠢᠵᠤ ᠶᠠᠪᠤᠭᠤᠯᠤᠨ᠎ᠠ᠂ ᠪᠣᠭᠤᠮᠲᠠ ᠪᠠᠷ ᠥᠩᠭᠡᠷᠡᠬᠦ ᠠᠵᠢᠯ ᠤᠨ ᠲᠤᠬᠠᠶ ᠶᠢᠨ ᠲᠠᠯᠠᠪᠠᠶ ᠪᠠ ᠪᠠᠷᠠᠭᠠᠨ ᠤ ᠲᠠᠯᠠᠪᠠᠶ ᠶᠢᠨ ᠬᠤᠭᠤᠷᠣᠨᠳᠣ ᠨᠠᠰᠢ ᠴᠠᠰᠢ ᠶᠠᠪᠤᠬᠤ ᠴᠢᠬᠤᠯᠠ ᠥᠬᠡᠶ ᠪᠣᠯᠵᠣ᠂ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠪᠣᠭᠤᠮᠲᠠ ᠪᠠᠷ ᠥᠩᠭᠡᠷᠡᠬᠦ ᠴᠠᠭ ᠶᠡᠭᠡ ᠬᠡᠮᠵᠢᠶ᠎ᠡ ᠪᠠᠷ ᠪᠣᠭᠤᠨᠢᠰᠬᠠᠪᠠ︾ ᠭᠡᠵᠦ ᠬᠡᠯᠡᠪᠡ᠃    ᠡᠨᠡ ᠵᠢᠯ ᠠᠴᠠ ᠨᠠᠰᠢ᠂ ᠮᠠᠨ ᠤ ᠬᠤᠲᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠴᠠᠭ ᠢ ᠲᠠᠰᠤᠷᠠᠯᠲᠠ ᠥᠬᠡᠶ ᠪᠠᠭᠠᠰᠬᠠᠨ᠂ ᠡᠳ᠋ ᠪᠠᠷᠠᠭ᠎ᠠ ᠶᠢᠨ ᠪᠣᠭᠤᠮᠲᠠ ᠪᠠᠷ ᠥᠩᠭᠡᠷᠡᠬᠦ ᠶᠢ ᠨᠠᠩ ᠲᠦᠷᠭᠡᠨ᠂ ᠨᠠᠩ ᠰᠢᠯᠤᠭᠤᠬᠠᠨ᠂ ᠨᠠᠩ ᠳᠥᠭᠦᠮ ᠳᠥᠲᠡ ᠪᠣᠯᠭᠠᠵᠤ᠂ ᠪᠣᠭᠤᠮᠲᠠ ᠪᠠᠷ ᠥᠩᠭᠡᠷᠡᠬᠦ ᠶᠢ ᠳᠥᠭᠦᠮᠴᠢᠯᠡᠬᠦ ᠬᠢᠷᠢ ᠲᠦᠪᠰᠢᠨ ᠢ  ᠳᠡᠭᠡᠭᠰᠢᠯᠡᠭᠦᠯᠵᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号