ᠡᠷᠢᠶᠡᠨ ᠴᠠᠬᠢᠯᠭᠠᠨ ᠬᠠᠩᠭᠠᠬᠤ ᠺᠣᠮᠫᠠᠨᠢ᠄ ᠴᠠᠬᠢᠯᠭᠠᠨ ᠬᠡᠷᠡᠭᠯᠡᠬᠦ ︽ᠦᠢᠯᠡᠴᠢᠯᠡᠭᠡ︾ ᠶᠢ ᠭᠡᠷ ᠲᠤ  ᠬᠦᠷᠭᠡᠨ᠎ᠡ
ᠨᠡᠶᠢᠲᠡᠯᠡᠭᠰᠡᠨ ᠴᠠᠭ᠄
2023/4/17
【 ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠶᠠᠪᠤᠭᠳᠠᠵᠤ ᠪᠠᠶᠢᠭ᠎ᠠ ᠴᠠᠭ 】    ᠣᠶᠢᠷ᠎ᠠ ᠳᠤ᠂ ᠰᠠᠶᠢᠬᠤᠰᠦ ᠨᠢᠰᠬᠡᠯ ᠤᠨ ᠪᠠᠭᠤᠳᠠᠯ ᠤᠨ ᠵᠡᠭᠦᠨ ᠲᠠᠯ᠎ᠠ ᠶᠢᠨ ᠴᠠᠬᠢᠯᠭᠠᠨ ᠲᠦᠭᠡᠭᠡᠬᠦ ᠲᠠᠰᠤᠭ ᠲᠤ᠂ ᠡᠷᠢᠶᠡᠨ ᠴᠠᠬᠢᠯᠭᠠᠨ ᠬᠠᠩᠭᠠᠬᠤ ᠺᠣᠮᠫᠠᠨᠢ ᠶᠢᠨ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠶᠠᠭ 4 ᠰᠠᠷ᠎ᠠ ᠶᠢᠨ ᠦᠶᠡᠯᠡᠯ ᠤᠨ ᠴᠢᠨᠠᠷᠲᠠᠶ ᠪᠠᠶᠢᠴᠠᠭᠠᠯᠲᠠ ᠬᠢᠵᠦ᠂ ︽ᠦᠢᠯᠡᠴᠢᠯᠡᠭᠡ︾ ᠶᠢ ᠬᠡᠷ ᠲᠤᠨᠢ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠢᠰᠬᠡᠯ ᠤᠨ ᠪᠠᠭᠤᠳᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠵᠢᠴᠢ ᠡᠯ᠎ᠡ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠪᠠᠶᠢᠳᠠᠯ ᠢ ᠨᠠᠷᠢᠨ ᠣᠶᠢᠯᠠᠭᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠢᠰᠬᠡᠯ ᠤᠨ ᠪᠠᠭᠤᠳᠠᠯ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠪᠠᠲᠤᠯᠠᠵᠤ ᠪᠠᠶᠢᠨ᠎ᠠ᠃    ︽3 ᠳ᠋ᠤᠭᠠᠷ ᠰᠠᠷ᠎ᠠ ᠠᠴᠠ ᠨᠠᠰᠢ᠂ ᠨᠢᠰᠬᠡᠯ ᠤᠨ ᠪᠠᠭᠤᠳᠠᠯ ᠨᠢ ᠣᠷᠣᠨ ᠤ ᠳᠣᠲᠣᠨ᠎ᠠ ᠭᠠᠳᠠᠨᠠᠬᠢ ᠤᠯᠠᠨ ᠠᠶᠠᠯᠠᠯ ᠤᠨ ᠱᠤᠭᠤᠮ ᠢ ᠰᠢᠨ᠎ᠡ ᠪᠠᠷ ᠨᠡᠮᠡᠵᠦ᠂ ᠴᠠᠬᠢᠯᠭᠠᠨ ᠬᠡᠷᠡᠭᠯᠡᠬᠦ ᠬᠡᠮᠵᠢᠶ᠎ᠡ ᠨᠡᠮᠡᠭᠳᠡᠬᠦ ᠪᠣᠯᠤᠨ᠎ᠠ᠃ ᠣᠶᠢᠷ᠎ᠠ ᠶᠢᠨ ᠬᠤᠭᠤᠴᠠᠭᠠᠨ ᠳᠤ ᠡᠯᠡᠰᠦᠨ ᠰᠢᠭᠤᠷᠭ᠎ᠠ ᠣᠯᠠᠨ ᠤᠳᠠᠭ᠎ᠠ ᠴᠠᠬᠢᠯᠭᠠᠨ ᠬᠦᠴᠦᠨ ᠤ ᠲᠥᠬᠦᠭᠡᠷᠦᠮᠵᠢ ᠳᠤ ᠨᠥᠯᠥᠭᠡ ᠦᠵᠡᠭᠦᠯᠵᠦ ᠮᠡᠳᠡᠨ᠎ᠡ᠃ ᠮᠠᠨ ᠤ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠭᠢ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠣᠶᠢᠯᠠᠭᠠᠵᠤ᠂ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ ᠥᠭᠪᠡ︾᠃    ᠨᠢᠰᠬᠡᠯ ᠬᠦᠯᠢᠶᠡᠬᠦ ᠠᠰᠠᠷ ᠲᠤ ᠬᠦᠷᠴᠦ᠂ ᠨᠠᠮ ᠤᠨ ᠭᠡᠰᠢᠭᠦᠨ ᠤ ᠦᠢᠯᠡᠴᠢᠯᠡᠭᠡᠨ ᠤ ᠠᠩᠬᠢ ᠴᠠᠬᠢᠯᠭᠠᠨ ᠬᠠᠩᠭᠠᠬᠤ ᠣᠷᠣᠨ ᠪᠦᠰᠡ ᠨᠢᠭᠡᠪᠦᠷᠢ ᠶᠢᠨ ᠴᠠᠬᠢᠯᠭᠠᠨ ᠬᠡᠷᠡᠭᠯᠡᠬᠦ ᠲᠥᠬᠦᠭᠡᠷᠦᠮᠵᠢ ᠳᠤ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠪᠥᠭᠡᠳ ᠪᠠᠶᠢᠴᠠᠭᠠᠭᠰᠠᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ ᠶᠢ ᠨᠠᠷᠢᠨ ᠨᠢᠮᠪᠠᠢ  ᠳᠠᠭᠯᠠᠨ᠎ᠠ ᠃ ᠡᠭᠦᠨ ᠤ ᠬᠠᠮᠲᠤ᠂ ᠪᠠᠰᠠ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠬᠡᠯᠪᠡᠷᠢ ᠪᠠᠷ ᠳᠠᠮᠵᠢᠭᠤᠯᠤᠨ᠂ ᠠᠵᠢᠯᠲᠠᠳ ᠲᠤ ᠠᠮᠤᠷ ᠲᠦᠪᠰᠢᠨ ᠢᠶᠠᠷ ᠴᠠᠬᠢᠯᠭᠠᠨ ᠬᠡᠷᠡᠭᠯᠡᠬᠦ᠂ ᠲᠥᠬᠦᠭᠡᠷᠦᠮᠵᠢ ᠶᠢ ᠠᠵᠢᠯᠯᠠᠭᠤᠯᠵᠤ ᠬᠠᠮᠠᠭᠠᠯᠠᠬᠤ᠂ ᠴᠠᠬᠢᠯᠭᠠᠨ ᠤ ᠠᠵᠢᠯᠴᠢᠨ ᠢ ᠲᠣᠬᠢᠷᠠᠭᠤᠯᠬᠤ ᠵᠡᠷᠭᠡ ᠮᠡᠳᠡᠯᠭᠡ ᠶᠢ ᠤᠬᠠᠭᠤᠯᠵᠤ᠂ ᠡᠯ᠎ᠡ ᠲᠥᠷᠥᠯ ᠤᠨ ᠴᠠᠬᠢᠯᠭᠠᠨ ᠬᠡᠷᠡᠭᠯᠡᠬᠦ ᠰᠡᠵᠢᠭᠯᠡᠯ ᠢ ᠬᠠᠷᠢᠭᠤᠯᠬᠤ ᠶᠢᠨ ᠬᠠᠮᠲᠤ APP ᠳᠡᠭᠡᠷ᠎ᠡ ᠡᠯ᠎ᠡ ᠲᠥᠷᠥᠯ ᠤᠨ ᠴᠠᠬᠢᠯᠭᠠᠨ ᠬᠡᠷᠡᠭᠯᠡᠬᠦ ᠲᠤᠬᠠᠶᠢᠯᠠᠭᠰᠠᠨ ᠠᠵᠢᠯ ᠢ ᠬᠡᠷᠬᠢᠨ ᠭᠦᠢᠴᠡᠳᠭᠡᠬᠦ ᠶᠢ ᠬᠦᠯᠢᠴᠡᠩᠭᠦᠶ ᠪᠠᠷ ᠵᠢᠯᠣᠭᠤᠳᠪᠠ᠃    ᠣᠶᠢᠷ᠎ᠠ ᠶᠢᠨ ᠵᠢᠯ ᠳᠤ᠂ ᠡᠷᠢᠶᠡᠨ ᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠪᠣᠭᠤᠮᠲᠠ ᠶᠢᠨ ᠭᠤᠤᠯᠳᠠᠯᠭ᠎ᠠ ᠲᠠᠢ ᠠᠵᠤ ᠠᠬᠤᠶᠢᠯᠠᠯ ᠲᠠᠢ ᠢᠳᠡᠪᠬᠢᠲᠡᠶ ᠵᠣᠯᠭᠠᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠪᠠ ᠴᠢᠬᠤᠯᠠ ᠶᠡᠭᠡ ᠲᠥᠷᠥᠯ ᠵᠦᠢᠯ ᠤᠨ ᠮᠡᠳᠡᠭᠡ ᠵᠠᠩᠭᠢ ᠶᠢ ᠴᠤᠭᠯᠠᠭᠤᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠰᠤᠳᠤᠯᠤᠨ ᠮᠠᠭᠠᠳᠯᠠᠵᠤ᠂ ︽ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠶ ᠦᠢᠯᠡᠴᠢᠯᠡᠭᠡ︾ ᠪᠠᠷ ᠭᠠᠷᠳᠠᠴᠠ ᠪᠣᠯᠭᠠᠵᠤ᠂ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠴᠠᠬᠢᠯᠭᠠᠨ ᠬᠦᠴᠦᠨ ᠤ ᠠᠯᠪᠠᠨ ᠵᠢᠷᠤᠮ ᠤᠨ ᠡᠮᠴᠢᠯᠡᠭᠡ︾᠂ ︽ᠴᠠᠬᠢᠯᠭᠠᠨ ᠬᠡᠷᠡᠭᠯᠡᠬᠦ ᠤᠬᠠᠭᠤᠯᠭ᠎ᠠ︾᠂ ︽ᠴᠠᠬᠢᠯᠭᠠᠨ ᠬᠡᠷᠡᠭᠯᠡᠬᠦ ᠶᠢ ᠰᠤᠷᠪᠤᠯᠵᠢᠯᠠᠬᠤ ︾ ᠠᠯᠢ ᠣᠯᠠᠨ ᠠᠵᠤ ᠠᠬᠤᠶᠢᠯᠠᠯ ᠳᠤ ᠠᠰᠢᠭ ᠬᠦᠷᠲᠡᠭᠡᠬᠦ ᠰᠢᠨ᠎ᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ ᠬᠡᠷᠡᠭᠯᠡᠭᠴᠢᠳ ᠤᠨ ᠴᠠᠬᠢᠯᠭᠠᠨ ᠬᠡᠷᠡᠭᠯᠡᠬᠦ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠂ ᠣᠷᠣᠨ ᠨᠤᠲᠤᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠪᠠ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠬᠤ ᠳᠤᠮᠳᠠ ︽ᠴᠠᠬᠢᠯᠭᠠᠨ ᠬᠦᠴᠦᠨ︾ ᠤ ᠬᠦᠴᠦᠨ ᠴᠢᠳᠠᠯ ᠢᠶᠠᠨ ᠡᠷᠭᠦᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号