ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠡᠷᠡᠰ ᠭᠤᠶᠢᠪᠢᠰᠢ ᠦᠭᠡᠢ ᠪᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ  ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/4/17
     ᠰᠢᠨᠬᠤᠸᠠ ᠬᠤᠷᠢᠶ᠎ᠠ ᠶᠢᠨ ᠭᠤᠸᠠᠩᠵᠧᠦ ᠶᠢᠨ 4 ᠰᠠᠷ᠎ᠠ ᠶᠢᠨ 13 ᠤ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠶᠢᠨ ᠡᠳᠦᠷ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠳᠠᠭᠠᠨ᠂ ᠭᠤᠸᠠᠩᠳᠦ᠋ᠩ ᠪᠣᠯ ᠥᠭᠡᠷᠡᠴᠢᠯᠡᠯᠲᠡ ᠨᠡᠭᠡᠭᠡᠯᠲᠡ ᠶᠢᠨ ᠳᠠᠭᠠᠭᠤᠯᠤᠭᠴᠢ᠂ ᠤᠷᠢᠳ ᠢᠶᠠᠷ ᠬᠡᠷᠡᠭᠵᠢᠭᠦᠯᠦᠭᠰᠡᠨ ᠣᠷᠣᠨ᠂ ᠲᠤᠷᠰᠢᠯᠲᠠ ᠶᠢᠨ ᠣᠷᠣᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠪᠠᠷ ᠴᠢᠬᠤᠯᠠ᠂ ᠦᠢᠯᠡᠳᠦᠯ ᠢᠶᠠᠷ ᠲᠣᠪᠣᠶᠢᠮ᠎ᠠ ᠶᠤᠮ᠃ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠲᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠪᠦᠭᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ ᠭᠡᠵᠦ ᠴᠢᠬᠤᠯᠠᠴᠢᠯᠠᠪᠠ᠃4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 10 ᠤ ᠦᠳᠡ ᠶᠢᠨ ᠬᠤᠶᠢᠨ᠎ᠠ᠂ ᠰᠢ ᠶᠢᠨ ᠫᠢᠩ ᠵᠠᠨᠵᠢᠶᠠᠩ ᠬᠤᠲᠠ ᠶᠢᠨ ᠰᠢᠦᠢ ᠸᠧᠨ ᠰᠢᠶᠠᠨ ᠤ ᠰᠢᠦᠢ ᠸᠧᠨ ᠭᠠᠷᠠᠮ ᠤᠨ ᠣᠩᠭᠤᠴᠠᠨ ᠤ ᠵᠣᠭᠰᠣᠭᠠᠯ ᠤᠨ ᠭᠠᠷᠠᠮ ᠳᠤ ᠣᠩᠭᠤᠴᠠᠨ ᠳᠡᠭᠡᠷᠡᠬᠢ ᠠᠶᠠᠨᠴᠢᠳ ᠤᠨ ᠵᠦᠭ ᠭᠠᠷ ᠳᠠᠯᠠᠯᠤᠨ ᠮᠡᠨᠳᠦᠴᠢᠯᠡᠵᠦ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠪᠠ᠃ ᠵᠢᠷᠤᠭ ᠪᠣᠯ᠂ 11 ᠤ ᠦᠳᠡ ᠶᠢᠨ ᠬᠤᠶᠢᠨ᠎ᠠ᠂ ᠰᠢ ᠶᠢᠨ ᠫᠢᠩ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ ᠪᠠᠶᠢᠭ᠎ᠠ ᠨᠢ᠃  ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢᠦ ᠪᠢᠨ ᠰᠡᠭᠦᠳᠡᠷᠯᠡᠪᠡ      4 ᠰᠠᠷ᠎ᠠ ᠶᠢᠨ 10 ᠠᠴᠠ 13 ᠤ ᠡᠳᠦᠷ ᠪᠤᠯᠲᠠᠯ᠎ᠠ᠂ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠺᠦᠨ ᠮᠢᠩ ᠪᠣᠯᠣᠨ ᠮᠤᠵᠢ ᠶᠢᠨ ᠳᠠᠷᠤᠭ᠎ᠠ ᠸᠠᠩ ᠸᠧᠢ ᠵᠦᠩ ᠤᠨ ᠪᠠᠷ᠎ᠠ ᠪᠤᠯᠤᠯᠭ᠎ᠠ ᠲᠠᠢ ᠪᠠᠷ ᠤᠷᠢᠳ ᠬᠤᠵᠢᠳ ᠵᠠᠨᠵᠢᠶᠠᠩ᠂ ᠮᠤᠤᠮᠢᠩ᠂ ᠭᠤᠸᠠᠩᠵᠧᠦ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ᠂ ᠭᠠᠷᠠᠮ᠂ ᠬᠥᠳᠡᠭᠡ ᠲᠣᠰᠬᠤᠨ ᠵᠡᠷᠭᠡ ᠪᠠᠷ ᠭᠦᠨᠵᠡᠭᠡᠶᠢᠷᠡᠵᠦ ᠪᠠᠶᠢᠴᠠᠭᠠᠨ ᠰᠤᠳᠤᠯᠵᠠᠢ᠃      10 ᠤ ᠦᠳᠡ ᠶᠢᠨ ᠡᠮᠦᠨ᠎ᠡ᠂ ᠰᠢ ᠶᠢᠨ ᠫᠢᠩ ᠡᠩ ᠲᠡᠷᠢᠭᠦᠨ ᠳᠤ ᠵᠠᠨᠵᠢᠶᠠᠩ ᠬᠤᠲᠠ ᠶᠢᠨ ᠳ᠋ᠦᠩ ᠬᠠᠢ ᠳ᠋ᠣᠤ ᠠᠷᠠᠯ ᠳᠤ ᠪᠠᠶᠢᠷᠢᠯᠠᠭ᠎ᠠ ᠤᠯᠤᠰ ᠤᠨ 863 ᠲᠥᠯᠥᠪᠯᠡᠭᠡ ᠶᠢᠨ ᠲᠥᠷᠥᠯ ᠵᠦᠢᠯ ᠤᠨ ᠲᠡᠯᠡᠶ ᠶᠢᠨ ᠤᠰᠤᠨ ᠳᠤ ᠦᠷ᠎ᠡ ᠲᠡᠵᠢᠭᠡᠨ ᠦᠷᠡᠵᠢᠭᠦᠯᠭᠦ ᠢᠨᠵᠧᠨᠧᠷᠢᠩ ᠤᠨ ᠡᠮᠦᠨᠡᠲᠦ ᠣᠷᠣᠨ ᠤ ᠰᠠᠭᠤᠷᠢᠨ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠭᠤᠸᠠᠩᠳᠦ᠋ᠩ ᠮᠤᠵᠢ ᠶᠢᠨ ᠲᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠵᠢᠭᠠᠰᠤᠨ ᠠᠵᠤ ᠠᠬᠤᠢ ᠶᠢᠨ ᠰᠠᠶᠢᠨ ᠡᠭᠦᠯᠳᠡᠷ ᠤᠨ ᠦᠵᠡᠭᠦᠯᠭᠡ ᠶᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠣᠨ ᠲᠡᠵᠢᠭᠡᠨ ᠦᠷᠡᠵᠢᠭᠦᠯᠭᠦ ᠠᠵᠢᠯᠲᠠᠨ ᠠᠴᠠ ᠰᠣᠩᠭᠤᠨ ᠪᠣᠶᠢᠵᠢᠭᠤᠯᠬᠤ ᠮᠡᠷᠭᠡᠵᠢᠯ᠂ ᠦᠷ᠎ᠡ ᠶᠢᠨ ᠴᠢᠬᠢ ᠶᠢᠨ ᠤᠷᠭᠤᠴᠠ᠂ ᠵᠠᠬ᠎ᠠ ᠳᠡᠯᠭᠡᠭᠦᠷ ᠤᠨ ᠦᠨ᠎ᠡ ᠬᠠᠩᠰᠢ ᠵᠡᠷᠭᠡ ᠶᠢ ᠯᠠᠪᠯᠠᠨ ᠠᠰᠠᠭᠤᠪᠠ᠃ ᠰᠢ ᠶᠢᠨ ᠫᠢᠩ᠂ ᠳᠤᠮᠳᠠᠳᠤ ᠤᠯᠤᠰ ᠪᠣᠯ 14 ᠳ᠋ᠦᠩᠰᠢᠭᠤᠷ ᠭᠠᠷᠤᠢ ᠬᠥᠮᠥᠨ ᠠᠮᠠ ᠲᠠᠢ ᠲᠣᠮᠣ ᠤᠯᠤᠰ ᠪᠠᠶᠢᠵᠤ᠂ ᠪᠤᠳᠠᠭ᠎ᠠ ᠢᠳᠡᠬᠦ ᠠᠰᠠᠭᠤᠳᠠᠯ ᠢ ᠰᠠᠶᠢᠲᠤᠷ ᠰᠢᠢᠳᠪᠦᠷᠢᠯᠡᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠢᠳᠡᠭᠡᠨ ᠤ ᠲᠣᠮᠣ ᠦᠵᠡᠯᠲᠡ ᠶᠢ ᠪᠤᠢ ᠪᠤᠯᠭᠠᠵᠤ᠂ ᠡᠬᠡ ᠬᠠᠭᠤᠷᠠᠢ ᠠᠴᠠ ᠢᠳᠡᠭᠡᠨ ᠠᠪᠬᠤ ᠬᠡᠷᠡᠭᠲᠡᠢ ᠪᠥᠭᠡᠳ ᠲᠠᠯᠠᠢ ᠲᠠᠩᠭᠢᠰ ᠠᠴᠠ ᠴᠦ ᠢᠳᠡᠭᠡᠨ ᠠᠪᠴᠤ᠂ ᠲᠠᠯᠠᠢ ᠲᠠᠩᠭᠢᠰ ᠢ ᠠᠰᠢᠭᠯᠠᠨ ᠲᠠᠷᠢᠵᠦ ᠲᠡᠵᠢᠭᠡᠬᠦ ᠦᠢᠯᠡᠰ ᠢ ᠬᠥᠭᠵᠢᠭᠦᠯᠦᠨ᠂ ᠲᠠᠯᠠᠢ ᠳᠡᠭᠡᠷᠡᠬᠢ ᠮᠠᠯᠵᠢᠯ ᠤᠨ ᠲᠠᠯᠠᠪᠠᠢ᠂ ︽ᠲᠠᠯᠠᠢ ᠳᠡᠭᠡᠷᠡᠬᠢ ᠠᠮᠤ ᠪᠤᠳᠠᠭᠠᠨ ᠤ ᠬᠥᠮᠥᠷᠭᠡ︾  ᠶᠢ ᠪᠦᠲᠦᠭᠡᠨ ᠪᠠᠶᠢᠭᠤᠯᠬᠤ ᠬᠡᠷᠡᠭᠲᠡᠢ᠃ ᠦᠷ᠎ᠡ ᠶᠢᠨ ᠦᠢᠯᠡᠰ ᠪᠣᠯ ᠤᠳᠤ ᠦᠶ᠎ᠡ ᠶᠢᠨ ᠲᠠᠷᠢᠶᠠᠯᠠᠩ᠂ ᠵᠢᠭᠠᠰᠤᠨ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠮᠥᠨ᠂ ᠡᠨᠡ ᠬᠦ ᠠᠵᠢᠯ ᠢ ᠨᠠᠷᠢᠯᠢᠭ ᠰᠠᠶᠢᠨ ᠬᠢᠬᠦ ᠬᠡᠷᠡᠭᠲᠡᠢ᠃ ᠭᠦᠨ ᠳᠠᠯᠠᠢ ᠶᠢᠨ ᠲᠡᠵᠢᠭᠡᠨ ᠦᠷᠡᠵᠢᠭᠦᠯᠭᠦ ᠲᠣᠨᠤᠭ ᠲᠥᠬᠦᠭᠡᠷᠦᠮᠵᠢ ᠪᠠ ᠣᠶᠤᠨᠲᠤ ᠵᠢᠭᠠᠰᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠳᠠᠯᠠᠢ ᠲᠠᠩᠭᠢᠰ ᠤᠨ ᠵᠢᠭᠠᠰᠤᠨ ᠠᠵᠤ ᠠᠬᠤᠢ ᠶᠢᠨ ᠮᠡᠳᠡᠭᠡ ᠵᠠᠩᠭᠢᠵᠢᠯᠲᠠ᠂ ᠣᠶᠤᠨᠴᠢᠯᠠᠯᠲᠠ᠂ ᠣᠳᠣᠬᠢᠴᠢᠯᠠᠯᠲᠠ ᠲᠡᠶᠢᠰᠢ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠠᠬᠢᠭᠤᠯᠬᠤ ᠬᠡᠷᠡᠭᠲᠡᠢ ᠭᠡᠵᠦ  ᠵᠢᠭᠠᠵᠤ ᠭᠠᠷᠭᠠᠪᠠ᠃      ᠵᠠᠨᠵᠢᠶᠠᠩ ᠤᠨ ᠤᠯᠠᠭᠠᠨ ᠣᠶ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠣᠯ ᠮᠠᠨ ᠤ ᠤᠯᠤᠰ ᠤᠨ ᠤᠯᠠᠭᠠᠨ ᠣᠶ ᠶᠢᠨ ᠲᠠᠯᠠᠪᠠᠶ ᠪᠠᠷ ᠬᠠᠮᠤᠭ ᠤᠨ ᠶᠡᠭᠡ᠂ ᠲᠠᠷᠬᠠᠯᠲᠠ ᠪᠠᠷ ᠬᠠᠮᠤᠭ ᠤᠨ ᠲᠥᠪᠯᠡᠷᠡᠭᠰᠡᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠮᠥᠨ᠃ ᠰᠢ ᠶᠢᠨ ᠫᠢᠩ ᠬᠠᠮᠠᠭᠠᠯᠠᠯᠲᠠ ᠶᠢᠨ ᠣᠷᠣᠨ ᠤ ᠵᠡᠭᠦᠨ ᠬᠡᠰᠡᠭ ᠲᠤ ᠪᠠᠶᠢᠭ᠎ᠠ ᠮᠠ ᠵᠠᠩ ᠲᠣᠭᠤᠷᠢᠭ ᠤᠨ ᠬᠤ᠋ ᠭᠤᠸᠠᠩ ᠪᠠᠯᠭᠠᠰᠤ ᠶᠢᠨ ᠶᠢᠨ ᠨᠢᠦ ᠳ᠋ᠣᠣ ᠠᠷᠠᠯ ᠤᠯᠠᠭᠠᠨ ᠤᠢ ᠶᠢᠨ ᠵᠠᠯᠭᠠᠯᠳᠤᠭᠰᠠᠨ ᠣᠷᠣᠨ ᠳᠤ ᠬᠦᠷᠴᠦ᠂ ᠤᠯᠠᠭᠠᠨ ᠤᠢ ᠶᠢᠨ ᠤᠷᠭᠤᠴᠠ ᠪᠠ ᠡᠷᠭᠢᠨ ᠲᠣᠭᠤᠷᠢᠨ ᠤ ᠠᠮᠢ ᠠᠬᠤᠢ ᠣᠷᠴᠢᠨ ᠲᠣᠭᠤᠷᠢᠨ ᠢ ᠪᠠᠶᠢᠴᠠᠭᠠᠨ ᠦᠵᠡᠪᠡ᠃ ᠲᠡᠷᠡ᠂ ᠡᠨᠡ ᠬᠡᠰᠡᠭ ᠤᠯᠠᠭᠠᠨ ᠤᠢ ᠪᠣᠯ ︽ᠤᠯᠤᠰ ᠤᠨ ᠡᠷᠳᠡᠨᠢ︾ ᠮᠥᠨ᠂ ᠨᠢᠳᠦᠨ ᠤ ᠴᠡᠴᠡᠭᠡᠢ ᠪᠠᠨ ᠬᠠᠶᠢᠷᠠᠯᠠᠬᠤ ᠰᠢᠭ᠋ ᠢᠶᠠᠷ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠲᠠᠯᠠᠢ ᠲᠠᠩᠭᠢᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠴᠢᠬᠤᠯᠠ ᠪᠦᠷᠢᠯᠳᠦᠭᠦᠨ ᠬᠡᠰᠡᠭ ᠮᠥᠨ᠃ ᠪᠣᠬᠢᠷᠳᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠦᠶ᠎ᠡ ᠶᠢᠨ ᠦᠶ᠎ᠡ ᠳᠡᠭᠡᠨ ᠦᠷᠭᠦᠯᠵᠢᠯᠡᠨ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠵᠤ᠂ ᠪᠥᠮᠪᠥᠷᠴᠡᠭ ᠤᠨ ᠲᠣᠰᠬᠤᠨ ᠢ ᠰᠠᠶᠢᠲᠤᠷ ᠬᠠᠮᠠᠭᠠᠯᠠᠬᠤ ᠳᠤ ᠳᠤᠮᠳᠠᠳᠤ ᠤᠯᠤᠰ ᠤᠨ ᠬᠤᠪᠢ ᠨᠡᠮᠡᠷᠢ ᠪᠠᠨ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃      10  ᠤ ᠦᠳᠡ ᠶᠢᠨ ᠬᠤᠶᠢᠨ᠎ᠠ᠂ ᠰᠢ ᠶᠢᠨ ᠫᠢᠩ ᠵᠠᠨᠵᠢᠶᠠᠩ ᠬᠤᠳᠠ ᠶᠢᠨ ᠰᠢᠦᠢ ᠸᠧᠨ ᠰᠢᠶᠠᠨ ᠳᠤ ᠬᠦᠷᠴᠦ᠂ ᠰᠢᠦᠢ ᠸᠧᠨ ᠭᠠᠷᠠᠮ ᠳᠤ ᠰᠢᠨᠵᠢᠯᠡᠨ ᠪᠠᠶᠢᠴᠠᠭᠠᠪᠠ᠃ ᠰᠢᠦᠢ ᠸᠧᠨ ᠭᠠᠷᠠᠮ ᠤᠨ ᠲᠦᠷᠦᠯ ᠵᠦᠢᠯ ᠪᠣᠯ ᠭᠤᠸᠠᠩᠳᠦ᠋ᠩ ᠪᠣᠯᠣᠨ ᠬᠠᠶᠢᠨᠠᠨ ᠤ ᠢᠵᠢᠯᠢ ᠴᠢᠭᠯᠡᠯ ᠢᠶᠠᠷ ᠤᠷᠤᠭᠰᠢᠯᠠᠬᠤ ︽ᠲᠡᠷᠢᠭᠦᠨ ᠴᠢᠬᠤᠯᠠ ᠢᠨᠵᠧᠨᠧᠷᠢᠩ︾ ᠪᠣᠯᠣᠨ᠎ᠠ᠃ ᠭᠠᠷᠠᠮ ᠤᠨ ᠲᠤᠰᠬᠠᠢ ᠭᠠᠷᠠᠮ ᠳᠤ᠂ ᠰᠢ ᠶᠢᠨ ᠫᠢᠩ ᠰᠢᠦᠢ ᠸᠧᠨ ᠭᠠᠷᠠᠮ ᠤᠨ ᠪᠦᠭᠦ ᠪᠠᠶᠢᠳᠠᠯ ᠢ ᠪᠠᠶᠢᠴᠠᠭᠠᠨ ᠦᠵᠡᠵᠦ᠂ ᠭᠤᠸᠠᠩᠳᠦ᠋ᠩ ᠮᠤᠵᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠳᠡᠭᠡᠭᠰᠢᠯᠡᠭᠦᠯᠭᠦ ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠲᠠᠢ ᠵᠣᠯᠭᠠᠭᠤᠯᠬᠤ ᠵᠡᠷᠭᠡ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠳᠠᠷᠠᠭ᠎ᠠ ᠨᠢ᠂ ᠰᠢ ᠶᠢᠨ ᠫᠢᠩ ᠣᠩᠭᠤᠴᠠᠨ ᠤ ᠵᠣᠭᠰᠣᠭᠠᠯ ᠤᠨ ᠭᠠᠷᠠᠮ ᠳᠤ ᠬᠦᠷᠴᠦ᠂ ᠣᠩᠭᠤᠴᠠ ᠵᠣᠬᠰᠣᠬᠤ᠂ ᠠᠶᠠᠨᠴᠢᠳ ᠤᠨ ᠵᠥᠭᠡᠭᠡᠪᠦᠷᠢ ᠶᠢ ᠰᠣᠯᠢᠵᠤ ᠲᠤᠰᠬᠤ ᠵᠡᠷᠭᠡ ᠠᠵᠢᠯ ᠢ ᠪᠠᠶᠢᠴᠠᠭᠠᠨ ᠦᠵᠡᠪᠡ᠃ ᠣᠩᠭᠤᠴᠠᠨ ᠳᠡᠭᠡᠷᠡᠬᠢ ᠠᠶᠠᠨᠴᠢᠳ ᠶᠡᠷᠦᠩᠬᠡᠢ ᠱᠦᠵᠢ ᠶᠢ ᠬᠠᠷᠠᠭᠠᠳ᠂ ᠶᠡᠷᠦᠩᠬᠡᠢ ᠱᠦᠵᠢ ᠶᠢᠨ ᠠᠮᠤᠷ ᠢ ᠠᠰᠠᠭᠤᠵᠤ ᠪᠠᠶᠢᠯ᠎ᠠ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠵᠦ᠂ ᠳᠡᠳᠡᠨ ᠤ ᠠᠯᠢᠪᠠ ᠪᠦᠭᠦᠨ ᠥᠭᠡᠳᠡ ᠡᠰᠡᠷᠡᠭ ᠪᠠᠶᠢᠬᠤ ᠶᠢ ᠬᠦᠰᠡᠨ ᠵᠥᠩᠨᠡᠪᠡ᠃ ᠰᠢ ᠶᠢᠨ ᠫᠢᠩ᠂ ᠴᠢᠶᠦ᠋ᠩᠵᠸᠤ ᠲᠠᠯᠠᠢ ᠶᠢᠨ ᠬᠤᠭᠤᠯᠠᠢ ᠪᠣᠯ ᠤᠯᠤᠰ ᠤᠨ ᠡᠮᠦᠨᠡᠲᠦ ᠲᠠᠩᠭᠢᠰ ᠢ ᠭᠠᠲᠤᠯᠬᠤ ᠪᠠᠶᠢᠯᠳᠤᠬᠤ ᠪᠣᠳᠣᠯᠭ᠎ᠠ ᠶᠢᠨ ᠵᠠᠮ ᠪᠤᠯᠬᠤ ᠪᠥᠭᠡᠳ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠶᠢᠨ ᠪᠠᠭᠠᠯᠵᠤᠤᠷ ᠭᠤᠣᠯ ᠵᠠᠮ ᠪᠣᠯᠣᠨ᠎ᠠ᠂ ︽ᠰᠢᠵᠢᠷ ᠠᠯᠳᠠᠨ ᠤᠰᠤᠨ ᠵᠠᠮ︾ ᠪᠣᠯᠣᠨ ᠠᠶᠠᠨᠴᠢᠳ ᠤᠨ ᠵᠥᠭᠡᠭᠡᠪᠦᠷᠢ ᠶᠢᠨ ᠬᠠᠮᠤᠭ ᠤᠨ ᠰᠠᠶᠢᠨ ᠵᠠᠮ ᠪᠤᠯᠬᠤ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠰᠢᠦᠢ ᠸᠧᠨ ᠭᠠᠷᠠᠮ ᠢ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠪᠣᠯᠣᠨ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠢ ᠬᠤᠯᠪᠣᠭᠰᠠᠨ ᠣᠳᠣᠬᠢᠴᠢᠯᠠᠭᠰᠠᠨ ᠤᠰᠤ ᠬᠠᠭᠤᠷᠠᠢ ᠶᠢᠨ ᠵᠠᠮ ᠲᠡᠭᠡᠭᠡᠪᠦᠷᠢ ᠶᠢᠨ ᠶᠡᠷᠦᠩᠬᠡᠶᠢᠯᠡᠭᠰᠡᠨ ᠬᠦᠢᠰᠦ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢᠦᠢ ᠸᠧᠨ ᠭᠠᠷᠠᠮ ᠠᠴᠠ ᠭᠠᠷᠴᠤ᠂ ᠰᠢ ᠶᠢᠨ ᠫᠢᠩ ᠪᠧᠢ ᠪᠦ᠋ ᠸᠠᠨ ᠪᠤᠯᠤᠩ ᠢ ᠲᠣᠭᠤᠷᠢᠭᠰᠠᠨ ᠭᠤᠸᠠᠩᠳᠦ᠋ᠩ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠢᠨᠵᠧᠨᠧᠷᠢᠩ ᠤᠨ ᠡᠮᠦᠨᠡᠰᠢ ᠤᠰᠤ ᠳᠠᠮᠵᠢᠭᠤᠯᠬᠤ ᠠᠭᠤᠯᠵᠠᠷ ᠦᠷᠲᠡᠭᠡ - ᠰᠢᠦᠢ ᠸᠧᠨ ᠰᠢᠶᠠᠨ ᠤ ᠳ᠋ᠠ ᠱᠦᠢ ᠴᠢᠶᠣᠤ ᠤᠰᠤᠨ ᠴᠥᠭᠦᠷᠥᠮ ᠳᠤ ᠬᠦᠷᠴᠦ᠂ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠠᠵᠢᠯᠯᠠᠭᠠᠨ ᠪᠠ ᠦᠷᠭᠦᠯᠵᠢᠯᠡᠬᠦ ᠢᠨᠵᠧᠨᠧᠷᠢᠩ ᠤᠨ ᠲᠥᠯᠦᠪᠵᠢᠭᠦᠯᠭᠡ ᠵᠡᠷᠭᠡ ᠪᠠᠶᠢᠳᠠᠯ ᠢ ᠣᠶᠢᠯᠠᠭᠠᠪᠠ᠃ ᠠᠵᠢᠯᠲᠠᠳ ᠶᠡᠷᠦᠩᠬᠡᠢ ᠱᠦᠵᠢ ᠳᠤ ᠤᠰᠤᠨ ᠤ ᠶᠠᠩᠵᠤ ᠪᠣᠯᠣᠨ ᠬᠢᠨᠠᠨ ᠭᠡᠮᠵᠢᠭᠦ ᠲᠥᠬᠦᠭᠡᠷᠦᠮᠵᠢ ᠶᠢ ᠳᠡᠯᠭᠡᠨ ᠦᠵᠡᠭᠦᠯᠵᠦ᠂ ᠲᠤᠬᠠᠢ ᠶᠢᠨ ᠭᠠᠵᠠᠷ ᠤᠨ ᠡᠷᠭᠢᠨ ᠲᠣᠭᠤᠷᠢᠨ ᠤ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠭᠰᠠᠨ ᠵᠡᠷᠭᠡ ᠪᠠᠶᠢᠳᠠᠯ ᠢᠶᠠᠨ ᠬᠠᠷᠢᠭᠤ ᠮᠡᠳᠡᠭᠦᠯᠪᠡ᠃ ᠰᠢ ᠶᠢᠨ ᠫᠢᠩ᠂ ᠮᠠᠨ ᠤ ᠤᠯᠤᠰ ᠲᠤ ᠤᠰᠤ ᠲᠤᠲᠠᠭᠳᠠᠵᠤ ᠪᠠᠶᠢᠬᠤ ᠪᠥᠭᠡᠳ ᠤᠰᠤᠨ ᠤ ᠡᠬᠢ ᠪᠠᠶᠠᠯᠢᠭ ᠤᠨ ᠲᠠᠷᠬᠠᠯᠲᠠ ᠮᠠᠰᠢ ᠲᠡᠩᠴᠡᠭᠦᠷᠢ ᠦᠭᠡᠢ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠤᠰᠤᠨ ᠤ ᠡᠬᠢ ᠪᠠᠶᠠᠯᠢᠭ ᠤᠨ ᠠᠰᠠᠭᠤᠳᠠᠯ ᠢ ᠪᠣᠳᠣᠯᠬᠢᠯᠠᠵᠤ᠂ ᠤᠰᠤ ᠪᠠᠷ ᠬᠤᠲᠠ ᠶᠢ ᠲᠣᠭᠲᠠᠭᠠᠵᠤ᠂ ᠤᠰᠤ ᠪᠠᠷ ᠭᠠᠵᠠᠷ ᠢ ᠲᠣᠭᠲᠠᠭᠠᠵᠤ᠂ ᠤᠰᠤ ᠪᠠᠷ ᠬᠥᠮᠥᠨ ᠢ ᠲᠣᠭᠲᠠᠭᠠᠵᠤ᠂ ᠤᠰᠤ ᠪᠠᠷ ᠭᠠᠷᠤᠯᠲᠠ ᠶᠢ ᠲᠣᠭᠲᠠᠭᠠᠵᠤ᠂ ᠤᠰᠤ ᠠᠷᠪᠢᠯᠠᠬᠤ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠭᠤᠸᠠᠩᠳᠦ᠋ᠩ ᠮᠤᠵᠢ ᠶᠢᠨ  ᠬᠢᠨ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠠᠶᠢᠲᠤᠷ ᠠᠳᠬᠤᠵᠤ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢ ᠲᠦᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠳᠤ ᠡᠷᠲᠡᠬᠡᠨ ᠪᠤᠶᠠᠨ ᠦᠶᠯᠡᠳᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ 11 ᠤ ᠡᠳᠦᠷ ᠮᠤᠤᠮᠢᠩ ᠤᠨ ᠭᠤᠤᠵᠸᠦ ᠬᠤᠳᠠ ᠶᠢᠨ ᠭᠧᠨ ᠽᠢ ᠪᠠᠯᠭᠠᠰᠤᠨ ᠤ ᠪᠠᠢ ᠴᠢᠶᠣᠤ ᠲᠣᠰᠬᠤᠨ ᠳᠤ ᠰᠢᠨᠵᠢᠯᠡᠨ ᠪᠠᠶᠢᠴᠠᠭᠠᠪᠠ᠃ ᠪᠠᠢ ᠴᠢᠶᠣᠤ ᠲᠣᠰᠬᠤᠨ ᠪᠠᠷᠤᠭ 6800 ᠮᠦ ᠪᠡᠷᠴᠢᠭᠢᠷ ᠯᠣᠣ ᠶᠢᠨ ᠨᠢᠳᠦ ᠲᠠᠷᠢᠵᠦ᠂ ᠪᠡᠷᠴᠢᠭᠢᠷ ᠯᠣᠣ ᠶᠢᠨ ᠨᠢᠳᠦ ᠦᠢᠯᠡᠳᠪᠦᠷᠢᠯᠡᠬᠦ ᠲᠤᠰᠬᠠᠢ ᠲᠣᠰᠬᠤᠨ ᠪᠣᠯᠣᠨ᠎ᠠ᠃ ᠰᠢ ᠶᠢᠨ ᠫᠢᠩ ᠪᠡᠷᠴᠢᠭᠢᠷ ᠯᠣᠣ ᠶᠢᠨ ᠨᠢᠳᠦ ᠶᠢᠨ ᠲᠠᠷᠢᠮᠠᠯ ᠤᠨ ᠬᠦᠷᠢᠶᠡᠯᠡᠩ ᠳᠤ ᠬᠦᠷᠴᠦ᠂ ᠲᠤᠬᠠᠢ ᠶᠢᠨ ᠭᠠᠵᠠᠷ ᠤᠨ ᠣᠨᠴᠠᠯᠢᠭᠲᠤ ᠲᠠᠷᠢᠮᠠᠯ ᠤᠨ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠭᠰᠠᠨ ᠪᠥᠭᠡᠳ ᠲᠤᠬᠠᠢ ᠶᠢᠨ ᠲᠠᠯᠠᠪᠠᠶ ᠶᠢᠨ ᠮᠡᠷᠭᠡᠵᠢᠯᠲᠡᠨ ᠲᠠᠢ ᠳᠣᠲᠣᠨᠣ ᠪᠠᠷ ᠶᠠᠷᠢᠯᠴᠠᠪᠠ᠃ ᠲᠠᠷᠠᠭ᠎ᠠ ᠨᠢ᠂ ᠰᠢ ᠶᠢᠨ ᠫᠢᠩ ᠪᠠᠢ ᠴᠢᠶᠣᠤ ᠶᠢᠨ ᠯᠣᠣ ᠶᠢᠨ ᠨᠢᠳᠦ ᠪᠡᠷᠴᠢᠭᠢᠷ ᠯᠣᠣ ᠶᠢᠨ ᠨᠢᠳᠦ ᠶᠢᠨ ᠲᠤᠰᠬᠠᠢ ᠬᠤᠷᠰᠢᠶ᠎ᠠ ᠳᠤ ᠬᠦᠷᠴᠦ᠂ ᠬᠤᠷᠰᠢᠶ᠎ᠠ ᠶᠢᠨ ᠡᠵᠡᠩᠨᠡᠯᠲᠡ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠪᠠᠶᠢᠭ᠎ᠠ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠡᠨᠡ ᠪᠣᠯ ᠪᠡᠷᠴᠢᠭᠢᠷ ᠯᠣᠣ ᠶᠢᠨ ᠨᠢᠳᠦᠨ ᠤ ᠨᠤᠲᠤᠭ᠂ ᠪᠡᠷᠴᠢᠭᠢᠷ ᠯᠣᠣ ᠶᠢᠨ ᠨᠢᠳᠦᠨ ᠤ ᠲᠠᠷᠢᠮᠠᠯ ᠨᠢ ᠲᠡᠦᠬᠡ ᠶᠢᠨ ᠤᠯᠠᠮᠵᠢᠯᠠᠯ ᠪᠠ ᠰᠣᠶᠣᠯ ᠤᠨ ᠠᠭᠤᠯᠤᠭᠳᠠᠬᠤᠨ ᠲᠠᠢ᠂ ᠣᠨᠴᠠᠯᠢᠭ ᠢᠶᠠᠷ ᠢᠯᠡ ᠲᠣᠳᠣ᠂ ᠳᠠᠪᠠᠭᠤᠯᠢᠭ ᠢᠶᠠᠷ ᠢᠯᠡᠷᠬᠡᠢ᠂ ᠵᠠᠬ᠎ᠠ ᠳᠡᠯᠭᠡᠭᠦᠷ ᠤᠨ ᠣᠷᠣᠨ ᠵᠠᠢ ᠪᠠᠷ ᠥᠷᠭᠡᠨ ᠠᠭᠤᠳᠠᠮ ᠪᠠᠶᠢᠵᠤ᠂ ᠳᠠᠷᠢᠬᠤ᠂ ᠰᠣᠷᠭᠤᠭ ᠪᠠᠶᠢᠯᠭᠠᠬᠤ᠂ ᠡᠳ᠋ᠰᠢᠭᠦᠯᠭᠦ ᠵᠡᠷᠭᠡ ᠮᠡᠷᠭᠡᠵᠢᠯ ᠢ ᠴᠢᠨᠠᠭᠰᠢᠳᠠ ᠳᠡᠭᠡᠭᠰᠢᠯᠡᠭᠦᠯᠵᠦ᠂ ᠪᠡᠷᠴᠢᠭᠢᠷ ᠯᠣᠣ ᠶᠢᠨ ᠨᠢᠳᠦᠨ ᠤ ᠣᠨᠴᠠᠯᠢᠭᠲᠤ ᠠᠵᠤ ᠦᠢᠯᠡᠰ ᠪᠠ ᠣᠨᠴᠠᠯᠢᠭᠲᠤ ᠰᠣᠶᠣᠯ ᠵᠢᠭᠤᠯᠴᠢᠯᠠᠯ ᠢ ᠨᠠᠩ ᠰᠠᠶᠢᠲᠤᠷ ᠬᠥᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠠᠶᠠᠷᠯᠠᠬᠤ ᠦᠶ᠎ᠡ ᠳᠤ᠂ ᠲᠣᠰᠬᠤᠨ ᠤ ᠠᠷᠠᠳ ᠥᠨᠳᠥᠷ ᠲᠠᠭᠤᠨ ᠢᠶᠠᠷ ︽ᠶᠡᠷᠦᠩᠬᠡᠢ ᠱᠦᠵᠢ ᠰᠠᠶᠢᠨ ᠪᠠᠶᠢᠨ᠎ᠠ ᠦᠦ︾᠂ ︽ᠶᠡᠷᠦᠩᠬᠡᠢ ᠱᠦᠵᠢ ᠵᠦᠳᠡᠷᠡᠯ᠎ᠡ︾ ᠭᠡᠵᠦ ᠤᠤᠬᠠᠶᠢᠯᠠᠨ ᠬᠠᠰᠬᠢᠷᠪᠠ᠃ ᠰᠢ ᠶᠢᠨ ᠫᠢᠩ᠂ ᠡᠨᠡ ᠪᠣᠯ ᠮᠢᠨᠤ ᠠᠩᠬ᠎ᠠ ᠤᠳᠠᠭ᠎ᠠ ᠭᠤᠸᠠᠩᠳᠦ᠋ᠩ ᠤᠨ ᠪᠠᠷᠠᠭᠤᠨ ᠬᠡᠰᠡᠭ ᠲᠤ ᠬᠦᠷᠴᠦ ᠪᠠᠶᠢᠭ᠎ᠠ ᠶᠠᠪᠤᠳᠠᠯ ᠪᠣᠯᠣᠨ᠎ᠠ᠂ ᠨᠤᠲᠤᠭ ᠤᠨ ᠠᠬ᠎ᠠ ᠳᠡᠭᠦᠦ ᠨᠠᠷ ᠪᠡᠷᠴᠢᠭᠢᠷ ᠯᠣᠣ ᠶᠢᠨ ᠨᠢᠳᠦ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠪᠠᠷ ᠲᠠᠮᠵᠢᠨ ᠪᠠᠶᠠᠨ ᠴᠢᠨᠡᠭᠡᠯᠢᠭ ᠠᠮᠢᠳᠤᠷᠠᠯ ᠲᠠᠢ ᠪᠣᠯᠤᠭᠰᠠᠨ ᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠬᠤᠲᠠ ᠬᠥᠳᠡᠭᠡ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠰᠡᠭᠦᠯᠡᠷ ᠪᠠᠶᠠᠵᠢᠬᠤ ᠶᠢ ᠬᠠᠪᠰᠤᠷᠤᠨ ᠲᠡᠳᠭᠦᠭᠦ ᠪᠠᠨ ᠴᠢᠩᠭᠠᠳᠬᠠᠵᠤ᠂ ᠨᠤᠲᠤᠭ ᠤᠨ ᠰᠤᠷᠲᠠᠯ ᠪᠣᠯᠪᠠᠰᠤᠨ ᠢ ᠠᠬᠢᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠴᠢᠩᠭᠠᠳᠬᠠᠵᠤ᠂ ᠤᠯᠠᠨ ᠤ ᠠᠮᠢᠳᠤᠷᠠᠯ ᠢ ᠵᠢᠯ ᠠᠴᠠ ᠵᠢᠯ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃      ᠰᠢ ᠶᠢᠨ ᠫᠢᠩ 12 ᠤᠨ ᠡᠳᠦᠷ ᠭᠤᠸᠠᠩᠵᠧᠦ ᠬᠤᠳᠠ ᠳᠤ ᠰᠢᠨᠵᠢᠯᠡᠨ ᠪᠠᠶᠢᠴᠠᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠲᠡᠷᠡ ᠡᠩ ᠲᠡᠷᠢᠭᠦᠨ ᠳᠤ ᠯᠧ ᠶᠢᠨ ᠳᠡᠯᠭᠡᠴᠡ ᠶᠢᠨ ᠺᠤᠮᠫᠠᠨᠢ ᠶᠢᠨ ᠭᠤᠸᠠᠩᠵᠧᠦ ᠳᠠᠬᠢ ᠦᠢᠯᠡᠳᠭᠦ ᠰᠠᠭᠤᠷᠢᠨ ᠳᠤ ᠭᠦᠷᠪᠡ᠃ ᠭᠤᠸᠠᠩᠳᠦ᠋ᠩ ᠮᠤᠵᠢ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠦᠭᠦ ᠮᠤᠵᠢ ᠶᠢᠨ ᠣᠶᠢᠷ᠎ᠠ ᠶᠢᠨ ᠵᠢᠯ ᠤᠨ ᠲᠤᠷᠰᠢᠬᠢ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠬᠤᠶᠠᠷ ᠵᠦᠢᠯ ᠤᠨ ᠡᠬᠢ ᠪᠠᠶᠠᠯᠢᠭ ᠤᠨ ᠬᠤᠯᠪᠤᠭᠠᠯᠠᠨ ᠬᠥᠳᠡᠯᠦᠯᠴᠡᠬᠦ ᠦᠢᠯᠡᠳᠦᠯ ᠢ ᠴᠢᠩᠭᠠᠳᠬᠠᠬᠤ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠠᠮᠲᠤᠷᠠᠯᠴᠠᠭᠠᠨ ᠤ ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠭᠦ ᠵᠡᠷᠭᠡ ᠲᠠᠯ᠎ᠠ ᠶᠢᠨ ᠠᠷᠭ᠎ᠠ ᠪᠣᠯᠣᠨ ᠦᠷ᠎ᠡ ᠪᠦᠲᠦᠮᠵᠢ ᠶᠢ ᠲᠠᠨᠢᠯᠴᠠᠭᠤᠯᠪᠠ᠃ ᠰᠢ ᠶᠢᠨ ᠫᠢᠩ ᠦᠢᠯᠡᠳᠬᠦᠨ ᠤ ᠦᠵᠡᠭᠦᠯᠭᠡ ᠪᠣᠯᠣᠨ ᠦᠢᠯᠡᠳᠪᠦᠷᠢᠯᠡᠵᠦ ᠤᠭᠰᠠᠷᠠᠬᠤ ᠶᠠᠪᠤᠴᠠ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠣᠯᠣᠭᠰᠠᠨ ᠠᠮᠵᠢᠯᠲᠠ ᠪᠦᠲᠦᠮᠵᠢ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠬᠦᠴᠦᠨ ᠮᠡᠬᠦᠰᠳᠡᠵᠦ ᠪᠠᠶᠢᠭ᠎ᠠ ᠪᠠᠶᠢᠳᠠᠯ ᠳᠣᠣᠷ᠎ᠠ᠂ ᠳᠤᠮᠳᠠᠳᠤ ᠤᠯᠤᠰ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠴᠢᠩᠭᠠᠳᠬᠠᠪᠠᠯ ᠵᠠᠬ᠎ᠠ ᠳᠡᠯᠭᠡᠭᠦᠷ ᠤᠨ ᠳᠠᠪᠠᠭᠤᠯᠢᠭ ᠨᠡᠩ ᠢᠯᠡᠷᠬᠡᠢ ᠪᠣᠯᠣᠨ᠎ᠠ᠃ ᠭᠠᠳᠠᠭᠠᠳᠤ ᠶᠢᠨ ᠪᠡᠯᠡ ᠣᠷᠣᠭᠤᠯᠤᠭᠴᠢᠳ ᠠᠵᠠ ᠲᠣᠭᠢᠶᠠᠯ ᠢ ᠠᠮᠵᠢᠵᠤ᠂ ᠳᠤᠮᠳᠠᠳᠤ ᠤᠯᠤᠰ ᠲᠤ ᠢᠷᠡᠵᠦ᠂ ᠭᠤᠸᠠᠩᠳᠦ᠋ᠩ ᠳᠤ ᠢᠷᠡᠵᠦ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠳᠤ ᠢᠷᠡᠵᠦ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠰᠠᠶᠢᠲᠤᠷ ᠬᠥᠭᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠶᠢ ᠡᠭᠦᠳᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ᠰᠢ ᠶᠢᠨ ᠫᠢᠩ ᠳᠠᠷᠠᠭ᠎ᠠ ᠨᠢ ᠭᠤᠸᠠᠩᠵᠧᠦ ᠶᠢᠨ ᠮᠠᠰᠢᠨ ᠲᠡᠷᠭᠡᠨ ᠤ ᠺᠤᠮᠫᠠᠨᠢ ᠶᠢᠨ ᠠᠢ ᠠᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠪᠢᠴᠠᠭᠠᠳᠤ ᠬᠢᠵᠠᠭᠠᠷᠲᠤ ᠺᠤᠮᠫᠠᠨᠢ ᠳᠤ ᠰᠢᠨᠵᠢᠯᠡᠨ ᠪᠠᠶᠢᠴᠠᠭᠠᠪᠠ᠃ ᠲᠡᠷᠡ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ᠂ ᠶᠡᠷᠦᠩᠬᠡᠢ ᠲᠣᠨᠣᠭᠯᠠᠯ ᠤᠨ ᠲᠠᠰᠤᠭ᠂ ᠳ᠋ᠢᠶᠠᠨ ᡂᠢ ᠦᠢᠯᠡᠳᠪᠦᠷᠢᠯᠡᠬᠦ ᠲᠠᠰᠤᠭ ᠵᠡᠷᠭᠡ ᠳᠤ ᠬᠦᠷᠴᠦ᠂ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠭᠠᠷᠭᠠᠭᠰᠠᠨ ᠪᠠ ᠦᠢᠯᠡᠳᠭᠦ ᠦᠢᠯᠡᠰ ᠤᠨ ᠳᠡᠭᠡᠳᠦ ᠲᠡᠰᠵᠢᠭᠦᠯᠦᠯᠳᠡ᠂ ᠣᠶᠤᠨᠴᠢᠯᠠᠯᠲᠠ᠂ ᠪᠣᠬᠢᠷᠳᠤᠯ ᠦᠭᠡᠶᠢᠵᠢᠯᠳᠠ ᠶᠢ ᠠᠬᠢᠭᠤᠯᠤᠭᠰᠠᠨ ᠵᠡᠷᠭᠡ ᠪᠠᠶᠢᠳᠠᠯ ᠢ ᠣᠶᠢᠯᠠᠭᠠᠪᠠ᠃ ᠭᠤᠸᠠᠩᠵᠧᠦ ᠶᠢᠨ ᠮᠠᠰᠢᠨ ᠲᠡᠷᠭᠡᠨ ᠤ ᠰᠤᠳᠤᠯᠭᠠᠨ ᠤ ᠬᠦᠷᠢᠶᠡᠯᠡᠩ ᠳᠤ᠂ ᠰᠢ ᠶᠢᠨ ᠫᠢᠩ ᠣᠶᠤᠨᠲᠤ ᠰᠦᠯᠵᠢᠶᠡᠨ ᠤ ᠲᠤᠷᠰᠢᠯᠲᠠ ᠶᠢᠨ ᠲᠠᠰᠤᠭ᠂ ᠵᠠᠭᠪᠤᠷ ᠢ ᠵᠢᠷᠤᠵᠤ ᠲᠥᠯᠥᠪᠯᠡᠬᠦ ᠲᠤᠷᠰᠢᠯᠲᠠ ᠶᠢᠨ ᠲᠠᠰᠤᠭ ᠵᠡᠷᠭᠡ ᠶᠢ ᠨᠠᠷᠢᠨ ᠬᠢᠨᠠᠮᠠᠭᠠᠢ ᠪᠠᠶᠢᠴᠠᠭᠠᠨ ᠦᠵᠡᠭᠰᠡᠨ ᠪᠥᠭᠡᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ᠂ ᠠᠵᠤ ᠠᠬᠤᠶᠢᠯᠠᠯᠲᠠᠨ᠂ ᠠᠵᠢᠯᠲᠠᠨ ᠠᠵᠢᠯᠴᠢᠨ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠶᠢᠨ ᠲᠦᠷᠦ ᠶᠢᠨ ᠪᠣᠳᠣᠯᠭ᠎ᠠ ᠤᠷᠳᠤ ᠬᠤᠭᠤᠴᠠᠭ᠎ᠠ ᠪᠠᠷ ᠬᠤᠪᠢᠷᠠᠬᠤ ᠦᠭᠡᠢ᠂ ᠨᠡᠭᠡᠭᠡᠯᠲᠡ ᠶᠢᠨ ᠡᠭᠦᠳᠡ ᠪᠠᠨ ᠡᠭᠦᠷᠢᠳᠡ ᠥᠪᠡᠷ ᠢᠶᠠᠨ ᠬᠠᠭᠠᠬᠤ ᠦᠭᠡᠢ ᠶᠤᠮ᠃ ᠪᠢᠳᠡᠨ ᠲᠠᠢ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠳᠤᠷᠠᠲᠠᠢ ᠠᠯᠢᠪᠠ ᠤᠯᠤᠰ ᠲᠤ ᠪᠢᠳᠡ ᠴᠥᠮ ᠳᠤᠷᠠᠲᠠᠶ᠎ᠠ ᠲᠡᠳᠡᠨ ᠲᠠᠢ ᠠᠳᠠᠯᠢ ᠴᠢᠭᠯᠡᠯ ᠢᠶᠠᠷ ᠤᠷᠤᠭᠰᠢᠯᠠᠵᠤ᠂ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠴᠡᠴᠡᠭᠯᠡᠨ ᠭᠦᠭᠵᠢᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠳᠤᠮᠳᠠᠳᠤ ᠤᠯᠤᠰ ᠪᠣᠯ ᠲᠣᠮᠣ ᠤᠯᠤᠰ ᠮᠥᠨ᠂ ᠪᠣᠳᠠᠲᠤ ᠴᠣᠭᠴᠠ ᠶᠢᠨ ᠠᠵᠤ ᠠᠬᠤᠢ ᠶᠢ ᠴᠢᠬᠤᠯᠠᠴᠢᠯᠠᠵᠤ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠵᠠᠮ ᠢᠶᠠᠷ ᠵᠠᠮᠨᠠᠬᠤ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠳᠤ ᠰᠠᠭᠤᠷᠢᠯᠠᠬᠤ ᠬᠡᠷᠡᠭᠲᠡᠢ ᠪᠥᠭᠡᠳ ᠤᠯᠠᠨ ᠤᠯᠤᠰ ᠤᠨ ᠬᠠᠮᠲᠤᠷᠠᠯᠴᠠᠭ᠎ᠠ ᠬᠢᠬᠦ ᠶᠢ ᠴᠦ ᠪᠠᠶᠠᠷᠯᠠᠨ ᠤᠭᠲᠤᠨ᠎ᠠ᠃ ᠰᠤᠷᠭᠠᠨ ᠬᠥᠮᠦᠵᠢᠯ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      13 ᠤ ᠦᠳᠡ ᠶᠢᠨ ᠡᠮᠦᠨ᠎ᠡ᠂ ᠰᠢ ᠶᠢᠨ ᠫᠢᠩ ᠭᠤᠸᠠᠩᠳᠦ᠋ᠩ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠳᠦ᠋ᠩ ᠤᠨ ᠡᠯ᠎ᠡ ᠵᠦᠢᠯ ᠤᠨ ᠠᠵᠢᠯ ᠤᠨ  ᠠᠮᠵᠢᠯᠲᠠ ᠪᠦᠲᠦᠮᠵᠢ ᠶᠢ ᠨᠤᠲᠠᠯᠠᠪᠠ᠃      ᠰᠢ ᠶᠢᠨ ᠫᠢᠩ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠪᠦᠭᠦ ᠤᠯᠤᠰ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤᠮᠳᠠ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠢ ᠶᠤᠮ᠃ ᠭᠤᠸᠠᠩᠳᠦ᠋ᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠶᠢ ᠭᠤᠸᠠᠩᠳᠦ᠋ᠩ ᠤᠨ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠶᠡᠭᠡ ᠠᠵᠠ ᠲᠣᠭᠢᠶᠠᠯ᠂ ᠶᠡᠭᠡ ᠶᠠᠪᠤᠳᠠᠯ ᠪᠣᠯᠭᠠᠨ ᠱᠠᠯᠠᠪᠳᠠᠨ ᠪᠣᠳᠠᠲᠠᠶᠢᠵᠢᠭᠤᠯᠵᠤ᠂ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠳᠤ ᠲᠠᠯᠪᠢᠵᠤ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠢᠶᠠᠷ ᠭᠤᠣᠯ ᠵᠢᠭᠰᠠᠭᠠᠯ ᠤᠨ ᠭᠠᠵᠠᠷ ᠪᠤᠯᠭᠠᠵᠤ᠂ ᠪᠦᠭᠦ ᠮᠤᠵᠢ ᠶᠢᠨ ᠬᠦᠴᠦᠨ ᠢᠶᠠᠨ ᠳᠠᠶᠢᠴᠢᠯᠠᠨ ᠡᠨᠡ ᠬᠦ ᠶᠡᠭᠡ ᠶᠠᠪᠤᠳᠠᠯ ᠢ ᠰᠠᠶᠢᠲᠤᠷ ᠬᠢᠵᠦ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠢ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ᠂ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠭᠦ ᠭᠠᠵᠠᠷ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠳᠠᠭᠠᠭᠤᠯᠤᠭᠴᠢ ᠭᠠᠵᠠᠷ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠪᠣᠯᠣᠨ᠎ᠠ᠃ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠣᠷᠣᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠭᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠲᠠᠯ᠎ᠠ ᠪᠠᠷ ᠨᠡᠩ ᠶᠡᠭᠡ ᠠᠬᠢᠯᠲᠠ ᠲᠠᠢ ᠪᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠪᠠᠭ᠎ᠠ ᠠᠵᠤ ᠠᠬᠤᠶᠢᠯᠠᠯ ᠤᠨ ᠰᠢᠨ᠎ᠡ ᠶᠢ ᠡᠭᠦᠳᠭᠦ ᠶᠢ ᠳᠡᠮᠵᠢᠭᠦ ᠪᠠᠨ ᠴᠢᠩᠭᠠᠳᠬᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠭᠤᠣᠯᠯᠠᠭᠴᠢ ᠥᠷᠢᠰᠦᠯᠳᠦᠬᠦ ᠬᠦᠴᠦᠨ ᠲᠠᠢ ᠨᠡᠩ ᠤᠯᠠᠨ ᠰᠢᠨ᠎ᠡ ᠶᠢ ᠡᠭᠦᠳᠭᠦ ᠭᠡᠯᠪᠡᠷᠢ ᠶᠢᠨ ᠠᠵᠤ ᠠᠬᠤᠶᠢᠯᠠᠯ ᠢ ᠪᠣᠶᠢᠵᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠭᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠪᠠ ᠠᠵᠤ ᠦᠢᠯᠡᠰᠵᠢᠭᠦᠯᠬᠦ ᠲᠦᠪᠰᠢᠨ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠭᠦ ᠪᠥᠮᠪᠥᠷᠴᠡᠭ ᠲᠤ ᠨᠥᠯᠥᠭᠡᠯᠡᠬᠦ ᠬᠦᠴᠦᠨ ᠲᠠᠢ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠲᠥᠪ ᠢ ᠪᠠᠶᠢᠭᠤᠯᠬᠤ ᠬᠡᠷᠡᠭᠲᠡᠢ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠴᠢᠳᠠᠪᠤᠷᠢᠲᠠᠨ ᠤ ᠥᠨᠳᠦᠷᠯᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠡᠭᠡᠳᠦ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢᠲᠠᠨ ᠢ ᠲᠥᠪᠯᠡᠷᠡᠭᠦᠯᠬᠦ ᠦᠢᠯᠡᠳᠦᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠳᠠᠲᠠᠢ ᠠᠴᠠ ᠰᠠᠯᠤᠩᠭᠢᠷᠠᠵᠤ ᠬᠡᠶᠢᠰᠪᠦᠷᠢ ᠪᠠᠶᠢᠵᠤ ᠪᠤᠯᠬᠤ ᠦᠭᠡᠢ᠂ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠭᠤᠸᠠᠩᠳᠦ᠋ᠩ ᠮᠤᠵᠢ ᠦᠢᠯᠡᠳᠭᠦ ᠦᠢᠯᠡᠰ ᠢᠶᠠᠷ ᠮᠤᠵᠢ ᠪᠠᠨ ᠪᠠᠶᠢᠭᠤᠯᠬᠤ ᠶᠢ ᠢᠮᠠᠭᠲᠠ ᠪᠠᠷᠢᠮᠲᠠᠯᠠᠵᠤ᠂ ᠪᠣᠳᠠᠲᠤ ᠴᠣᠭᠴᠠ ᠶᠢᠨ ᠠᠵᠤ ᠠᠬᠤᠢ ᠶᠢ ᠬᠥᠭᠵᠢᠭᠦᠯᠬᠦ ᠶᠢ ᠨᠡᠩ ᠴᠢᠬᠤᠯᠠᠴᠢᠯᠠᠵᠤ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦ ᠶᠢ ᠲᠦᠷᠭᠡᠳᠬᠡᠵᠦ᠂ ᠠᠵᠤ ᠦᠢᠯᠡᠰ ᠤᠨ ᠰᠠᠭᠤᠷᠢ ᠶᠢᠨ ᠳᠡᠭᠡᠳᠦ ᠳᠡᠰᠵᠢᠯᠳᠡ᠂ ᠠᠵᠤ ᠦᠢᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠵᠦ᠂ ᠤᠯᠠᠨ ᠤᠯᠤᠰ ᠤᠨ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠪᠦᠭᠦ ᠠᠷᠠᠳ ᠬᠠᠮᠲᠤ ᠪᠠᠷ ᠪᠠᠶᠠᠵᠢᠬᠤ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠣᠨᠴᠠᠯᠢᠭ ᠮᠥᠨ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠣᠯ ᠬᠠᠮᠲᠤ ᠪᠠᠷ ᠪᠠᠶᠠᠵᠢᠬᠤ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠭᠤᠸᠠᠩᠳᠦ᠋ᠩ ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ ᠪᠠᠶᠢᠬᠤ ᠠᠰᠠᠭᠤᠳᠠᠯ ᠢᠶᠠᠨ ᠬᠦᠴᠦ ᠣᠷᠣᠭᠤᠯᠤᠨ ᠰᠢᠢᠳᠪᠦᠷᠢᠯᠡᠵᠦ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠣᠷᠣᠨ ᠪᠦᠰᠡ ᠠᠯᠤᠰᠯᠠᠨ ᠬᠤᠯᠪᠣᠯᠳᠤᠨ ᠨᠡᠪᠲᠡᠷᠡᠯᠴᠡᠬᠦ ᠪᠠᠨ ᠲᠦᠷᠭᠡᠳᠬᠡᠨ ᠠᠬᠢᠭᠤᠯᠵᠤ᠂ ᠭᠤᠸᠠᠩᠳᠦ᠋ᠩ ᠤᠨ ᠵᠡᠭᠦᠨ ᠬᠡᠰᠡᠭ᠂ ᠭᠤᠸᠠᠩᠳᠦ᠋ᠩ ᠤᠨ ᠪᠠᠷᠠᠭᠤᠨ ᠬᠡᠰᠡᠭ᠂ ᠭᠤᠸᠠᠩᠳᠦ᠋ᠩ ᠤᠨ ᠬᠤᠶᠢᠲᠤ ᠬᠡᠰᠡᠭ ᠤᠨ ᠭᠠᠵᠠᠷ ᠣᠷᠣᠨ ᠤ ᠬᠢᠨ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠠᠵᠤ ᠦᠢᠯᠡᠰ ᠤᠨ ᠡᠮᠬᠢ ᠵᠢᠷᠤᠮ ᠲᠠᠢ ᠰᠢᠯᠵᠢᠯᠲᠡ ᠶᠢ ᠨᠡᠩ ᠰᠠᠶᠢᠲᠤᠷ ᠲᠤᠰᠴᠤ ᠠᠪᠬᠤ ᠶᠢ ᠲᠠᠶᠢᠴᠢᠯᠠᠨ ᠠᠬᠢᠭᠤᠯᠬᠤ ᠬᠡᠷᠡᠭᠲᠡᠢ᠃ ᠡᠬᠡ ᠬᠠᠭᠤᠷᠠᠢ ᠪᠠ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠠᠭᠤᠯᠠ ᠳᠠᠯᠠᠢ ᠶᠢ ᠬᠠᠮᠵᠢᠯᠴᠠᠭᠤᠯᠬᠤ ᠶᠢ ᠴᠢᠩᠭᠠᠳᠬᠠᠵᠤ᠂ ᠭᠠᠷᠠᠮ ᠠᠵᠤ ᠦᠢᠯᠡᠰ ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠳᠠᠯᠠᠢ ᠲᠠᠩᠭᠢᠰ ᠤᠨ ᠬᠦᠴᠦᠷᠬᠡᠭ ᠮᠤᠵᠢ ᠶᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠲᠣ ᠦᠶ᠎ᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ ᠭᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠯᠲᠡ ᠪᠠ ᠪᠠᠶᠢᠩᠭᠤᠵᠢᠭᠰᠠᠨ ᠬᠠᠪᠰᠤᠷᠤᠨ ᠲᠡᠳᠭᠦᠭᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠴᠢᠬᠤᠯᠠ ᠶᠡᠭᠡ ᠡᠭᠦᠷᠭᠡ ᠪᠣᠯᠣᠨ᠎ᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠲᠥᠪ ᠬᠤᠷᠢᠶ᠎ᠠ ᠶᠢᠨ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ᠂ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠳᠡᠭᠡᠷ᠎ᠡ ᠬᠦᠴᠦ ᠣᠷᠣᠭᠤᠯᠤᠨ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ᠂ ᠰᠠᠭᠤᠭᠳᠠᠭᠤᠯᠬᠤ᠂ ᠣᠨᠳᠣᠣᠰᠢᠭᠤᠯᠬᠤ ᠠᠵᠢᠯ ᠢ ᠰᠠᠶᠢᠲᠤᠷ ᠬᠢᠵᠦ᠂ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠵᠠᠰᠠᠵᠤ᠂ ᠦᠨᠳᠦᠰᠦ ᠶᠢ ᠪᠠᠬᠢᠵᠢᠭᠦᠯᠦᠨ ᠰᠠᠭᠤᠷᠢ ᠶᠢ ᠪᠠᠲᠤᠳᠬᠠᠵᠤ᠂ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠤᠶᠤᠨ ᠰᠠᠨᠠᠭᠠᠨ ᠤ ᠺᠠᠯᠼ ᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠵᠠᠯᠠᠭᠤᠷ ᠢ ᠯᠠᠪᠳᠠᠭᠤᠨ ᠡᠵᠡᠮᠳᠡᠬᠦ ᠬᠡᠷᠡᠭᠲᠡᠢ᠃ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮ ᠤᠨ ᠦᠷᠲᠡᠭ ᠤᠨ ᠬᠥᠭᠡᠭᠡᠴᠡᠯᠳᠦᠯ ᠪᠠ ᠤᠷᠤᠭᠰᠢᠯᠠᠯᠲᠠ ᠶᠢᠨ ᠴᠢᠭᠯᠡᠯ ᠤᠨ ᠲᠤᠬᠠᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠮᠡᠳᠡᠷᠡᠮᠵᠢ ᠪᠠᠨ ᠴᠢᠩᠭᠠᠳᠬᠠᠵᠤ᠂ ᠶᠢᠷᠲᠢᠨᠴᠦ ᠶᠢᠨ ᠦᠵᠡᠯᠲᠡ᠂ ᠠᠮᠢᠳᠤᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠭᠡᠬᠦ ᠡᠨᠡ ᠬᠦ ︽ᠶᠡᠷᠦᠩᠬᠡᠢ ᠨᠡᠭᠡᠭᠡᠯᠭᠡ︾ ᠶᠢ ᠰᠠᠶᠢᠲᠤᠷ ᠡᠵᠡᠮᠳᠡᠬᠦ ᠬᠡᠷᠡᠭᠲᠡᠢ᠃ ᠬᠤᠶᠠᠷ ᠲᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠠᠲᠤ ᠪᠠᠶᠢᠯᠭᠠᠵᠤ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠮᠠᠭᠲᠠ ᠤᠯᠤᠰ ᠲᠦᠷᠦ ᠶᠢᠨ ᠵᠣᠭᠰᠣᠯᠲᠠ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠳᠡᠭᠡᠷ᠎ᠡ ᠢᠯᠡᠷᠡᠭᠦᠯᠭᠦ ᠬᠡᠷᠡᠭᠲᠡᠢ᠃ ᠭᠤᠷᠪᠠ ᠳᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠵᠣᠷᠢᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ᠂ ᠨᠠᠮ ᠤᠨ ᠣᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠠᠷᠠᠳ ᠣᠯᠠᠨ ᠬᠠᠨᠤᠮᠵᠢᠲᠠᠶ ᠪᠠᠶᠢᠬᠤ ᠡᠰᠡᠬᠦ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠭᠦ ᠦᠨᠳᠦᠰᠦᠨ ᠪᠠᠷᠢᠮᠵᠢᠶ᠎ᠠ ᠪᠤᠯᠭᠠᠵᠤ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠠᠪᠤᠳᠠᠯ ᠢ ᠪᠣᠳᠠᠲᠠᠢ ᠬᠢᠵᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠶᠠᠪᠤᠳᠠᠯ ᠢ ᠨᠠᠷᠢᠯᠢᠭ ᠬᠢᠵᠦ᠂ ᠠᠷᠠᠳ ᠤᠨ ᠰᠠᠨᠠᠭᠠᠨ ᠳᠤ ᠨᠡᠶᠢᠴᠡᠭᠦᠯᠬᠦ ᠶᠠᠪᠤᠳᠠᠯ ᠢ ᠰᠠᠶᠢᠲᠤᠷ ᠬᠢᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠠᠩ ᠣᠯᠠᠨ ᠨᠠᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠳᠣᠯᠣᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠦᠪᠣᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号