ᠡᠨᠡ ᠵᠢᠯ ᠤᠨ ᠨᠢᠭᠡᠳᠦᠭᠡᠷ ᠤᠯᠠᠷᠢᠯ ᠳᠤ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ 120.5% ᠨᠡᠮᠡᠭᠳᠡᠪᠡ
ᠨᠡᠶᠢᠲᠡᠯᠡᠭᠰᠡᠨ ᠴᠠᠭ᠄
2023/4/20
      ᠡᠨᠡ ᠵᠢᠯ ᠤᠨ ᠨᠢᠭᠡᠳᠦᠭᠡᠷ ᠤᠯᠠᠷᠢᠯ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠥᠷᠲᠡᠭ 92.65 ᠳ᠋ᠦᠩᠰᠢᠭᠤᠷ ᠲᠥᠭᠦᠷᠢᠭ ᠠᠷᠠᠳ ᠤᠨ ᠵᠣᠭᠤᠰ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 120.5% ᠨᠡᠮᠡᠭᠳᠡᠪᠡ︔ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠠᠷᠠᠯᠵᠢᠶᠠᠨ ᠤ ᠥᠷᠲᠡᠭ 58.89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 132.2% ᠨᠡᠮᠡᠭᠳᠡᠵᠦ᠂ ᠭᠠᠳᠠᠭᠠᠳᠤ ᠳᠤ ᠭᠠᠷᠭᠠᠭᠰᠠᠨ ᠠᠷᠠᠯᠵᠢᠶᠠᠨ ᠤ ᠥᠷᠲᠡᠭ 33.76 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102.6% ᠨᠡᠮᠡᠭᠳᠡᠵᠡᠢ᠃       ᠬᠢᠵᠢᠭ ᠤᠨ ᠪᠠᠶᠢᠳᠠᠯ ᠤᠨ ᠨᠥᠯᠥᠭᠡ ᠢᠳᠡᠭ ᠢᠳᠡᠭ ᠢᠶᠠᠷ ᠠᠷᠢᠯᠬᠤ ᠶᠢ ᠳᠠᠭᠠᠯᠳᠤᠨ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠪᠡ᠃ ᠵᠡᠰ ᠤᠨ ᠠᠭᠤᠷᠬᠠᠢ ᠶᠢᠨ ᠡᠯᠡᠰᠦ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠢ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠬᠠᠨᠳᠤᠰᠢ ᠲᠠᠢ ᠪᠣᠯᠵᠤ᠂ ᠪᠣᠭᠤᠮᠲᠠ ᠶᠢᠨ ᠭᠠᠳᠠᠭᠠᠳᠤ   ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠥᠷᠲᠡᠭ ᠢ ᠳᠠᠬᠢᠨ ᠢᠶᠠᠷ ᠨᠡᠮᠡᠭᠳᠡᠭᠦᠯᠬᠦ ᠬᠠᠨᠳᠤᠰᠢ ᠲᠠᠢ ᠪᠣᠯᠭᠠᠪᠠ᠃ ᠡᠭᠦᠨ ᠤ ᠵᠡᠷᠭᠡᠪᠡᠷ᠂ ᠡᠷᠢᠶᠡᠨ ᠪᠣᠭᠤᠮᠲᠠ ᠶᠢᠨ ᠬᠢᠨ ᠭᠠᠳᠠᠭᠠᠳᠤ ᠠᠷᠠᠯᠵᠢᠶ᠎ᠠ ᠶᠢᠨ ᠲᠣᠭᠲᠠᠭᠤᠨ ᠢ ᠪᠠᠲᠤᠯᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠷᠪᠠᠨ ᠵᠦᠢᠯ ᠤᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠪᠣᠭᠤᠮᠲᠠ ᠶᠢᠨ ᠪᠣᠳᠠᠲᠠᠢ ᠲᠠᠢ ᠤᠶᠠᠯᠳᠤᠭᠤᠯᠤᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠬᠦᠴᠢᠷᠳᠡᠯ ᠢ ᠰᠢᠢᠳᠪᠦᠷᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ︽ᠵᠠᠭᠤᠨ ᠬᠥᠮᠥᠨ ᠬᠤᠯᠪᠤᠭᠠᠯᠠᠨ ᠮᠢᠩᠭᠠᠨ ᠠᠵᠤ ᠠᠬᠤᠶᠢᠯᠠᠯ ᠬᠠᠮᠳᠣᠷᠠᠨ ᠭᠠᠳᠠᠭᠠᠳᠤ ᠠᠷᠠᠯᠵᠢᠶ᠎ᠠ ᠶᠢ ᠠᠬᠢᠭᠤᠯᠬᠤ︾ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠣᠳᠠᠲᠠᠢ ᠠᠵᠢᠯ ᠢᠶᠠᠷ ᠢᠶᠠᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠪᠣᠭᠤᠮᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠳᠥᠭᠦᠮ ᠳᠥᠲᠡ ᠥᠨᠳᠥᠷ ᠪᠦᠲᠦᠮᠵᠢᠲᠡᠢ ᠪᠣᠭᠤᠮᠲᠠ ᠪᠠᠷ ᠥᠩᠭᠡᠷᠡᠬᠦ ᠶᠢ ᠪᠠᠲᠤᠯᠠᠪᠠ᠃      2023 ᠣᠨ ᠳᠤ ᠣᠷᠣᠭᠰᠠᠨ ᠠᠴᠠ ᠨᠠᠰᠢ᠂ ᠡᠷᠢᠶᠡᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ᠂ ᠠᠷᠠᠯᠵᠢᠶᠠᠨ ᠤ ᠬᠡᠮᠵᠢᠶ᠎ᠡ ᠵᠡᠷᠭᠡ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠦᠢᠴᠡᠳᠬᠡᠯ ᠲᠤᠭ᠎ᠠ ᠲᠠᠰᠤᠷᠠᠯᠲᠠ ᠦᠭᠡᠢ ᠳᠡᠭᠡᠭᠰᠢᠯᠡᠵᠦ᠂ ᠲᠣᠭᠲᠠᠭᠤᠨ ᠤ ᠳᠤᠮᠳᠠ ᠰᠠᠶᠢᠵᠢᠷᠠᠬᠤ ᠪᠠᠶᠢᠳᠠᠯ ᠢᠯᠡᠷᠡᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号