ᠰᠢᠨ᠎ᠡ ᠡᠨᠧᠷᠭᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ‌‍ᠶᠠᠪᠤᠠᠠᠳ᠋ᠬᠠᠰᠡᠨ
ᠨᠡᠶᠢᠲᠡᠯᠡᠭᠰᠡᠨ ᠴᠠᠭ᠄
2023/4/21
ᠡᠷᠢᠶᠡᠨ  ᠬᠤᠳᠠ   ᠶᠢᠨ  ᠶᠡᠷᠦᠩᠬᠡᠶᠢᠯᠬᠠᠰᠡᠨ ᠷᠠᠳᠢᠣ᠋ ᠶᠢᠨ  ᠰᠤᠷᠪᠤᠯᠵᠢᠯᠠᠭᠴᠢ  ᠪᠦᠷᠢᠩᠭᠤᠸ᠎ᠠ   ᠶᠢᠨ  ᠮᠡᠳᠡᠭᠡᠯᠡᠭᠰᠡᠨ  ᠢᠶᠠᠷ᠄   ᠰᠢᠨ᠎ᠡ ᠡᠨᠧᠷᠭᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ‌‍ᠶᠠᠪᠤᠠᠠᠳ᠋ᠬᠠᠰᠡᠨ      4 ᠰᠠᠷ᠎ᠠ ᠶᠢᠨ 17 ᠤ ᠡᠳᠦᠷ ᠠᠴᠠ 18 ᠤ ᠡᠳᠦᠷ ᠪᠣᠯᠲᠠᠯ᠎ᠠ᠂ ᠡᠷᠢᠶᠡᠨ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ  ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂  ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠤ ᠭᠠᠪᠢᠶ᠎ᠠ ᠪᠠᠶᠢᠭᠤᠯᠵᠤ ᠰᠢᠨ᠎ᠡ ᠠᠶᠠᠨ ᠵᠠᠮ  ᠳᠤ  ᠡᠷᠡᠯᠬᠡᠭᠯᠡᠨ ᠤᠷᠤᠭᠰᠢᠯᠠᠬᠤ  ︾ 2023 ᠣᠨ ᠤ ᠪᠥᠬᠦ ᠬᠤᠲᠠ ᠶᠢᠨ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ ᠤ  ᠡᠷᠬᠢᠯᠡᠨ ᠶᠠᠪᠤᠠᠠᠳᠠᠭᠤᠯᠪᠠ  ᠃   ᠡᠷᠢᠶᠡᠨ ᠬᠤᠲᠠ ᠶᠢᠨ ᠬᠤᠸᠠ ᠳ᠋ᠢᠶᠠᠨ᠂  ᠵᠦᠡᠭ‌ᠾᠦ᠋ᠢ  ᠾᠦᠢ ᠨᠧᠩ᠂ ᠮᠧᠩ ᠨᠧᠩ ᠧᠨ ᠾᠧ᠂ ᠴᠠᠩ ᠹᠧᠩ ᠰᠢᠶᠧ ᠾᠧ᠂  ᠲᠢᠶᠠᠨ ᠬᠤᠩ   ᠨᠠᠷᠡᠨ ᠭᠡᠷᠡᠯᠳᠦ ᠵᠡᠷᠭᠡ 5 ᠰᠠᠯᠬᠢᠨ ᠬᠦᠴᠦᠨ ᠤ ᠴᠠᠬᠢᠯᠭᠠᠨ ᠭᠠᠷᠭᠠᠬᠤ ᠬᠡᠷᠡᠯ  ᠢᠶᠠᠷ ᠴᠠᠬᠢᠯᠭᠠᠨ ᠭᠠᠷᠭᠠᠬᠤ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ︽ᠤᠷᠠᠨ ᠳᠠᠷᠬᠠᠳ︾   ᠰᠢᠨ᠎ᠡ ᠡᠨᠧᠷᠭᠢ ᠶᠢᠨ ᠮᠡᠷᠭᠡᠵᠢᠯ ᠴᠢᠳᠠᠪᠤᠷᠢ ᠶᠢᠨ ᠤᠷᠤᠯᠳᠤᠭᠠᠨ  ᠳᠤ ᠤᠷᠤᠯᠴᠬᠠᠰᠡᠨ ᠪᠠᠶᠢᠨ᠎ᠠ  ᠃         ᠲᠤᠰ ᠤᠳᠠᠭᠠᠨ ᠤ ᠤᠷᠤᠯᠳᠤᠭᠠᠨ ᠢ ᠤᠨᠤᠯ ᠪᠠ ᠪᠣᠳᠠᠲᠤ  ᠪᠠᠶᠢᠳᠠᠯ ᠢ ᠤᠶᠠᠯᠳᠤᠭᠤᠯᠬᠤ ᠠᠷᠭ᠎ᠠ ᠪᠠᠷ  ᠶᠠᠪᠤᠠᠠᠳᠠᠭᠤᠯᠵᠠᠢ  ᠃ ᠣᠨᠣᠯ ᠤᠨ ᠮᠥᠷᠥᠶᠢᠴᠡᠭᠡᠨ  ᠳᠤ  ᠤᠷᠤᠯᠴᠬᠠᠰᠠᠳ ᠯᠠᠪᠳᠠᠭᠤᠨ ᠲᠣᠭᠲᠠᠭᠤᠨ ᠢᠶᠠᠷ᠂ ᠨᠠᠷᠢᠨ ᠬᠢᠨᠠᠮᠠᠭᠠᠢ ᠰᠡᠳᠬᠢᠵᠦ᠂ ᠠᠭᠤᠵᠢᠭᠤ ᠲᠠᠯᠪᠢᠭᠤᠨ ᠢᠶᠠᠷ ᠰᠡᠳᠦᠪ ᠬᠠᠷᠢᠭᠤᠯᠵᠤ᠂ 90 ᠮᠢᠨᠦ᠋ᠲ ᠤᠨ ᠴᠠᠭ ᠢᠶᠠᠷ ᠣᠨᠣᠯ ᠤᠨ ᠤᠷᠤᠯᠳᠤᠭᠠᠨ ᠢᠶᠠᠨ  ᠲᠠᠭᠤᠰᠬᠠᠵᠠᠢ  ᠃  ᠪᠣᠳᠠᠲᠤ  ᠪᠠᠶᠢᠳᠠᠯ ᠤᠨ ᠤᠷᠤᠯᠳᠤᠭᠠᠨ ᠤ ᠭᠤᠭᠴᠤᠭ᠎ᠠ ᠳᠤ  ᠤᠷᠤᠯᠴᠬᠠᠰᠠᠳ  ᠠᠵᠢᠯ ᠤᠨ ᠶᠠᠪᠤᠴᠠ᠂ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠡᠵᠡᠮᠰᠢᠭᠰᠡᠨ ᠬᠡᠮᠵᠢᠶ᠎ᠡ ᠵᠢᠴᠢ ᠲᠣᠨᠤᠭ ᠲᠥᠬᠦᠭᠡᠷᠦᠮᠵᠢ ᠶᠢᠨ ᠬᠡᠮ ᠰᠣᠭᠤᠭ ᠤᠨ ᠪᠠᠴᠢᠮ ᠪᠠᠶᠢᠳᠠᠯ ᠢ  ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ  ᠰᠢᠯᠭᠠᠵᠠᠢ  ᠃   ᠲᠣᠨᠤᠭ ᠲᠥᠬᠦᠭᠡᠷᠦᠮᠵᠢ ᠶᠢᠨ ︽ᠰᠠᠭᠠᠳ︾ ᠤᠨ ᠡᠮᠦᠨ᠎ᠡ᠂  ᠤᠷᠤᠯᠴᠬᠠᠰᠠᠳ ᠳᠠᠷᠤᠢ ᠲᠦᠷᠭᠡᠨ  ᠰᠢᠢᠳᠪᠦᠷᠢᠯᠡᠵᠦ᠂  ᠲᠣᠨᠤᠭ ᠲᠥᠬᠦᠭᠡᠷᠦᠮᠵᠢ ᠶᠢ ᠰᠢᠯᠭᠠᠨ ᠪᠠᠶᠢᠴᠠᠭᠠᠬᠤ᠂  ᠭᠡᠮ ᠰᠠᠭᠠᠳ ᠢ ᠰᠢᠢᠳᠪᠦᠷᠢᠯᠡᠬᠦ ᠵᠡᠷᠭᠡ ᠠᠵᠢᠯᠯᠠᠭ᠎ᠠ ᠶᠢ ᠡᠮᠬᠢ ᠴᠡᠭᠴᠡ ᠲᠠᠢ ᠬᠢᠵᠦ᠂ ᠨᠠᠷᠢᠨ ᠨᠢᠮᠪᠠᠢ ᠮᠠᠭᠠᠳᠯᠠᠯᠲᠠ  ᠂ ᠡᠷᠡᠰ ᠰᠢᠭᠤᠷᠬᠠᠢ  ᠰᠢᠢᠳᠪᠦᠷᠢᠯᠡᠬᠦ ᠪᠠᠷ ᠳᠡᠮᠵᠢᠨ᠂ ᠡᠴᠦᠰ ᠲᠡᠭᠡᠨ  ᠭᠡᠮ ᠰᠠᠭᠠᠳ  ᠢ  ᠰᠢᠢᠳᠪᠦᠷᠢᠯᠡᠵᠠᠢ  ᠃ ᠬᠤᠶᠠᠷ ᠡᠳᠦᠷ ᠤᠨ ᠤᠨᠤᠯ ᠤᠨ ᠮᠥᠷᠥᠶᠢᠴᠡᠭᠡᠨ  ᠪᠤᠯᠤᠨ ᠪᠣᠳᠠᠲᠠᠢ  ᠪᠠᠶᠢᠳᠠᠯ  ᠤᠨ ᠮᠥᠷᠥᠶᠢᠴᠡᠭᠡᠨ ᠢᠶᠠᠷ ᠲᠠᠮᠵᠢᠵᠤ ᠂  ᠤᠨᠤᠯ ᠤᠨ ᠮᠡᠳᠡᠯᠭᠡ ᠪᠣᠯᠣᠨ ᠠᠵᠢᠯ ᠳᠠᠭᠠᠨ ᠴᠠᠭᠠᠷᠠᠭᠰᠠᠨ ᠴᠢᠳᠠᠪᠤᠷᠢ ᠪᠠᠷ ᠢᠶᠠᠨ ᠬᠤᠸᠠ ᠳ᠋ᠢᠶᠠᠨ ᠪᠦᠯᠦᠭᠯᠡᠯ ᠤᠨ  ᠲᠥᠯᠥᠭᠡᠯᠡᠭᠴᠢᠳ ᠤᠨ ᠠᠩᠭᠢ ᠶᠢᠨ ᠯᠢᠶᠠᠩ ᠰᠢᠶᠣᠣ ᠯᠦᠩ  ᠬᠤᠪᠢ ᠬᠥᠮᠥᠨ ᠤ ᠨᠢᠭᠡᠳᠦᠭᠡᠷ  ᠪᠠᠶᠢᠷᠢ ᠳᠤ ᠲᠤᠳᠤᠷᠠᠵᠠᠢ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠤᠷᠤᠯᠳᠤᠭᠠᠨ ᠢ ᠡᠷᠬᠢᠯᠡᠭᠰᠡᠨ ᠵᠣᠷᠢᠯᠭ᠎ᠠ ᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠢᠨ᠎ᠡ ᠴᠠᠭ ᠦᠶ᠎ᠡ ᠶᠢᠨ ᠠᠵᠤ ᠦᠢᠯᠡᠰ ᠤᠨ ᠠᠵᠢᠯᠴᠢᠨ ᠤ ᠡᠩᠨᠡᠭᠡᠨ ᠤ ᠪᠠᠶᠢᠭᠤᠯᠤᠯᠲᠠ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠭᠡᠭᠰᠢᠯᠡᠯᠲᠡ ᠶᠢ ᠴᠢᠩᠭᠠᠳᠬᠠᠬᠤ ᠲᠤᠬᠠᠢ︾ ᠠᠵᠢᠯ ᠤᠨ ᠱᠠᠭᠠᠷᠳᠠᠯᠭ᠎ᠠ  ᠶᠢ  ᠨᠠᠶᠢᠳᠠᠪᠦᠷᠢᠵᠢᠭᠤᠯᠵᠦ ︽ᠰᠤᠷᠤᠯᠴᠠᠬᠤ᠂ ᠪᠣᠯᠪᠠᠰᠤᠷᠠᠬᠤ᠂ ᠤᠷᠤᠯᠳᠤᠬᠤ ︾ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠠᠵᠢᠯᠯᠠᠭ᠎ᠠ ᠪᠠᠷ ᠳᠠᠮᠵᠢᠭᠤᠯᠤᠨ᠂  ᠠᠵᠢᠯ ᠲᠥᠷᠥᠯ ᠢᠶᠠᠷ ᠢᠶᠠᠨ ᠮᠡᠷᠭᠡᠵᠢᠯ ᠴᠢᠳᠠᠪᠤᠷᠢ ᠪᠠᠨ ᠳᠡᠯᠭᠡᠨ ᠦᠵᠡᠭᠦᠯᠬᠦ᠂  ᠮᠡᠷᠭᠡᠵᠢᠯ ᠢᠶᠠᠨ ᠰᠣᠯᠢᠯᠴᠠᠬᠤ ᠲᠠᠪᠴᠠᠩ ᠢ ᠪᠠᠶᠢᠭᠤᠯᠵᠤ᠂  ᠮᠡᠷᠭᠡᠵᠢᠯ ᠴᠢᠳᠠᠪᠤᠷᠢ  ᠪᠠᠨ  ᠵᠢᠷᠤᠮᠵᠢᠭᠤᠯᠤᠨ ᠳᠡᠭᠡᠭᠰᠢᠯᠡᠭᠦᠯᠵᠦ᠂ ᠮᠡᠳᠡᠯᠭᠡ ᠶᠢᠨ ᠮᠠᠶ᠋ᠢᠭ ᠤᠨ᠂ ᠮᠡᠷᠭᠡᠵᠢᠯ ᠴᠢᠳᠠᠪᠤᠷᠢ ᠶᠢᠨ ᠮᠠᠶ᠋ᠢᠭ ᠤᠨ᠂ ᠰᠢᠨ᠎ᠡ ᠶᠢ ᠡᠭᠦᠳᠬᠦ ᠮᠠᠶ᠋ᠢᠭ ᠤᠨ ᠠᠵᠢᠯᠲᠠᠨ ᠠᠵᠢᠯᠴᠢᠨ ᠤ ᠡᠩᠨᠡᠭᠡ ᠶᠢ  ᠬᠦᠮᠦᠵᠢᠭᠦᠯᠦᠨ ᠪᠠᠶᠢᠭᠤᠯᠵᠤ᠂ ᠠᠵᠢᠯ ᠲᠥᠷᠥᠯ ᠤᠨ ᠥᠨᠳᠥᠷ  ᠪᠦᠲᠦᠮᠵᠢᠲᠡᠢ᠂ ᠠᠮᠤᠷ ᠲᠦᠪᠰᠢᠨ ᠢᠶᠠᠷ ᠬᠥᠭᠵᠢᠬᠦ ᠶᠢ   ᠠᠬᠢᠭᠤᠯᠬᠤ ᠶᠢᠨ ᠲᠦᠯᠦᠭᠡ ᠶᠤᠮ  ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号