ᠡᠷᠢᠶᠡᠨ ᠬᠤᠲᠠ ᠶᠢᠨ ᠬᠢᠯᠢ ᠶᠢᠨ ᠪᠠᠶᠢᠴᠠᠭᠠᠬᠤ ᠥᠷᠲᠡᠭᠡᠨ ᠤ ᠡᠭᠦᠷᠭᠡ ᠭᠦᠢᠴᠡᠳᠭᠡᠬᠦ ᠬᠤᠶᠠᠳᠤᠭᠠᠷ ᠠᠩᠭᠢ ᠄ ︽ᠪᠣᠯᠣᠳ ᠲᠡᠮᠦᠷ ᠤᠨ ᠣᠷᠣᠰᠬᠠᠯ︾ ᠳᠡᠭᠡᠷ᠎ᠡ ︽ᠭᠠᠯ ᠬᠠᠯᠠᠭᠤᠨ ᠵᠠᠯᠠᠭᠤ ᠨᠠᠰᠤ︾ ᠪᠠᠨ ᠪᠢᠴᠢᠭᠯᠡᠨ᠎ᠡ
ᠨᠡᠶᠢᠲᠡᠯᠡᠭᠰᠡᠨ ᠴᠠᠭ᠄
2023/4/23
  ︽ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠪᠠᠶᠢᠴᠠᠭᠠᠨ ᠰᠢᠯᠭᠠᠵᠤ ᠳᠠᠭᠤᠰᠪᠠᠯ᠂ ᠲᠡᠷᠭᠡ ᠶᠠᠪᠤᠭᠤᠯᠵᠤ ᠪᠣᠯᠤᠨ᠎ᠠ︕︾  4 ᠰᠠᠷ᠎ᠠ ᠶᠢᠨ 21 ᠤ ᠡᠳᠦᠷ᠂ ᠡᠬᠡ ᠤᠯᠤᠰ ᠤᠨ ᠣᠮᠠᠷᠠᠳᠦ ᠵᠦᠭ ᠲᠤ ᠪᠠᠶᠢᠭ᠎ᠠ ᠡᠷᠢᠶᠡᠨ ᠲᠡᠮᠦᠷ ᠵᠠᠮ ᠤᠨ ᠪᠣᠭᠤᠮᠲᠠ ᠳᠤ ᠶᠠᠭᠠᠷᠠᠯᠲᠠᠢ ᠪᠠᠶᠢᠵᠦ᠂ ᠪᠠᠷᠠᠭ᠎ᠠ ᠶᠢ ᠳᠦᠭᠦᠷᠲᠡᠯ᠎ᠡ ᠲᠡᠭᠡᠭᠡᠭᠰᠡᠨ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠨ ᠰᠢᠯᠭᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠪᠦᠷᠢᠶ᠎ᠡ ᠳᠤᠤᠭᠠᠷᠭᠠᠵᠤ ︽ᠨᠢᠭᠡ ᠪᠦᠰᠡ ᠨᠢᠭᠡ ᠵᠠᠮ︾ ᠳᠠᠭᠠᠤ ᠣᠯᠣᠰ ᠢ ᠵᠣᠷᠢᠨ᠎ᠠ᠃
   ᠡᠷᠢᠶᠡᠨ ᠪᠣᠭᠤᠮᠲᠠ ᠪᠣᠯ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠳᠡᠭᠡᠷᠡᠬᠢ ᠴᠢᠬᠤᠯᠠ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠴᠡᠭ ᠪᠣᠯᠬᠤ ᠪᠥᠭᠡᠳ ᠪᠠᠰᠠ ᠴᠤ ᠳᠤᠮᠳᠠᠳᠤ ᠮᠣᠩᠭᠤᠯ ᠤᠨ ᠬᠠᠮᠤᠭ ᠤᠨ ᠶᠡᠭᠡ ᠬᠠᠭᠤᠷᠠᠶ ᠵᠠᠮ ᠤᠨ ᠪᠣᠭᠤᠮᠲᠠ ᠪᠣᠯᠤᠨ᠎ᠠ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠳᠤᠮᠳᠠ ᠨᠡᠪᠲᠡᠷᠡᠬᠦ ᠴᠣᠷ ᠤᠨ ᠭᠠᠭᠴᠠ ᠬᠢᠯᠢ ᠪᠠᠷ ᠣᠷᠣᠵᠤ ᠭᠠᠷᠬᠤ ᠪᠣᠭᠤᠮᠲᠠ ᠪᠣᠯᠤᠨ᠎ᠠ᠃ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠵᠢᠵᠢᠭᠦᠷᠯᠡᠵᠦ ᠪᠠᠶᠢᠭ᠎ᠠ ᠬᠤᠶᠠᠳᠤᠭᠠᠷ ᠠᠩᠭᠢ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠴᠠᠭᠳᠠᠭ᠎ᠠ 365 ᠡᠳᠦᠷ 24 ᠴᠠᠭ ᠢᠶᠠᠷ ᠤᠯᠤᠰ ᠤᠨ ᠡᠭᠦᠳᠡᠨ ᠤ ᠳᠣᠤᠷ᠎ᠠ᠂ ᠬᠢᠯᠢ ᠶᠢᠨ ᠬᠥᠰᠢᠶ᠎ᠡ ᠶᠢᠨ ᠬᠠᠵᠠᠭᠤ ᠳᠤ ᠬᠦᠷᠴᠦ᠂ ᠪᠣᠭᠤᠮᠲᠠ ᠪᠠᠷ ᠥᠩᠭᠡᠷᠡᠬᠦ ᠭᠠᠯᠲᠤ ᠲᠡᠷᠭᠡ ᠶᠢ ᠪᠠᠶᠢᠴᠠᠭᠠᠨ ᠰᠢᠯᠭᠠᠵᠤ ᠥᠩᠭᠡᠷᠡᠭᠦᠯᠪᠡ᠃ ︽ᠡᠳᠦᠷ ᠰᠦᠨᠢ︾ ︽ᠲᠠᠪᠤᠨ ᠨᠡᠮᠡᠬᠦ ᠬᠤᠶᠠᠷ︾ ᠪᠣᠯ ᠠᠵᠢᠯ ᠤᠨ ᠬᠡᠪ ᠤᠨ ᠪᠠᠶᠢᠳᠠᠯ ᠪᠣᠯᠤᠨ᠎ᠠ᠂ ᠪᠠᠶᠢᠯᠳᠤᠵᠤ ᠴᠢᠳᠠᠬᠤ᠂ ᠵᠣᠪᠠᠭᠤᠷᠢ ᠵᠦᠳᠡᠭᠦᠷᠢ ᠶᠢ ᠣᠨᠴᠠᠭᠠᠢ ᠠᠮᠰᠠᠬᠤ᠂ ᠬᠤᠪᠢ ᠨᠡᠮᠡᠷᠢ ᠦᠵᠡᠭᠦᠯᠬᠦ ᠶᠢ ᠡᠷᠬᠢᠮᠯᠡᠬᠦ ᠵᠣᠷᠢᠭ ᠰᠠᠨᠠᠭ᠎ᠠ ᠨᠢ ᠲᠡᠳᠡᠨ ᠤ ᠪᠡᠶ᠎ᠡ ᠳᠡᠭᠡᠷ᠎ᠡ ᠪᠦᠷᠢᠨ ᠲᠡᠭᠦᠯᠳᠡᠷ ᠲᠠᠶᠢᠯᠪᠤᠷᠢᠯᠠᠯᠲᠠ ᠬᠢᠭᠰᠡᠨ ᠪᠠᠶᠢᠨ᠎ᠠ᠃
   ᠡᠭᠦᠷᠭᠡ ᠭᠦᠢᠴᠡᠳᠭᠡᠬᠦ ᠬᠤᠶᠠᠳᠤᠭᠠᠷ ᠠᠩᠭᠢ ᠶᠢᠨ ᠳᠡᠳ᠋ ᠳᠠᠷᠤᠭ᠎ᠠ ᠶᠠᠩ ᠪᠢᠩ 18 ᠨᠠᠰᠤᠲᠠᠶ ᠳᠤ ᠪᠠᠨ ᠴᠡᠷᠢᠭ ᠲᠤ ᠣᠷᠣᠮᠠᠭᠴᠠ ᠡᠷᠢᠶᠡᠨ ᠪᠣᠭᠤᠮᠲᠠ ᠳᠤ ᠬᠦᠷᠴᠦ᠂ ᠬᠢᠯᠢ ᠶᠢᠨ ᠬᠠᠮᠠᠭᠠᠯᠠᠯᠲᠠ ᠳᠤ ᠣᠷᠣᠵᠤ ᠠᠵᠢᠯᠯᠠᠪᠠᠯ 20 ᠭᠠᠷᠤᠢ ᠵᠢᠯ ᠪᠣᠯᠤᠨ᠎ᠠ᠃ ᠶᠠᠩ ᠪᠢᠩ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠪᠠᠶᠢᠬᠤ ᠦᠭᠡᠢ ᠪᠠᠶᠢᠭᠰᠠᠨ ᠠᠴᠠ ᠪᠠᠨ ᠪᠠᠶᠢᠬᠤ ᠪᠤᠯᠵᠤ᠂  ᠳᠡᠮᠣᠷ ᠵᠠᠮ ᠤᠨ ᠬᠥᠭᠵᠢᠯᠲᠡ ᠶᠢᠨ ᠶᠠᠪᠤᠴᠠ ᠶᠢ ᠭᠡᠷᠡᠴᠢᠯᠡᠪᠡ᠃    10 ᠵᠢᠯ ᠤᠨ ᠬᠤᠭᠤᠴᠠᠭᠠᠨ ᠳᠤ᠂ ᠡᠷᠢᠶᠡᠨ ᠬᠤᠲᠠ ᠶᠢᠨ ᠪᠣᠭᠤᠮᠲᠠ ᠶᠢᠨ ᠳᠤᠮᠳᠠᠳᠤ ᠧᠦ᠋ᠷᠣᠫᠠ ᠶᠢᠨ ᠵᠢᠰᠢᠶᠡᠨ ᠤ ᠭᠠᠯᠲᠤ ᠲᠡᠷᠭᠡᠨ ᠤ ᠠᠶᠠᠯᠠᠯ ᠤᠨ ᠱᠤᠭᠤᠮ ᠨᠢᠭᠡᠨᠲᠡ 60 ᠭᠠᠷᠤᠢ ᠵᠤᠷᠪᠤᠰ ᠪᠣᠯᠵᠤ᠂ ᠤᠯᠤᠰ ᠤᠨ ᠳᠣᠲᠣᠭᠠᠳᠤ ᠳᠤ ᠤᠮᠠᠷᠠᠲᠤ ᠣᠷᠣᠨ᠂ ᠳᠤᠮᠳᠠᠳᠤ ᠤᠯᠤᠰ᠂ ᠡᠮᠦᠨᠡᠲᠦ ᠣᠷᠣᠨ ᠵᠡᠷᠭᠡ ᠭᠠᠵᠠᠷ ᠣᠷᠣᠨ ᠢ ᠨᠥᠯᠥᠭᠡᠯᠡᠨ ᠂ ᠵᠧᠩ ᠵᠧᠦ᠂ ᠴᠧᠩᠳᠦ᠋ ᠠᠴᠠ ᠰᠢᠶᠠᠮᠡᠨ᠂ ᠳ᠋ᠦᠩ ᠭᠤᠸᠠᠨ᠂ ᠱᠠᠩᠬᠠᠢ ᠵᠡᠷᠭᠡ 60 ᠭᠠᠷᠤᠢ ᠬᠤᠲᠠ ᠪᠣᠯᠵᠤ᠂ ᠬᠢᠯᠢ ᠶᠢᠨ ᠭᠠᠳᠠᠨᠠᠬᠢ ᠵᠣᠷᠢᠭᠰᠠᠨ ᠭᠠᠵᠠᠷ ᠨᠢ ᠭᠧᠷᠮᠠᠨ ᠤ ᠬᠠᠮᠪᠦ᠋ᠷᠢᠭ᠂ ᠬᠤᠯᠠᠨᠳ᠋ ‍ᠤᠨ‌‍ᠷᠣᠲ᠋ᠧᠷᠳᠠᠮ ᠪᠠᠶᠢᠭᠰᠠᠨ ᠠᠴᠠ ᠪᠠᠨ ᠫᠤᠯᠠᠨᠳ᠋ ᠤᠨ ᠸᠠᠷᠱᠠᠸᠠ᠂ ᠣᠷᠣᠰ ᠤᠨ ᠮᠣᠰᠺᠸᠠ᠂ᠪᠧᠯᠦᠷᠦ᠋ᠰ ᠤᠨ ᠺᠷᠧᠰᠲ ᠵᠡᠷᠭᠡ 10 ᠭᠠᠷᠤᠢ ᠤᠯᠤᠰ ᠤᠨ 60 ᠭᠠᠷᠤᠢ ᠭᠠᠵᠠᠷ ᠣᠷᠣᠨ ᠳᠤ ᠬᠦᠷᠲᠡᠯ᠎ᠡ ᠦᠷᠭᠡᠵᠢᠪᠡ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠲᠤ ᠬᠠᠪᠲᠠᠰᠤᠨ ᠮᠠᠲ᠋ᠧᠷᠢᠶᠠᠯ᠂ ᠴᠠᠭᠠᠰᠤᠨ ᠡᠭᠡᠳᠡᠩ᠂ ᠾᠯᠣᠷᠲᠤ ᠺᠠᠯᠢ᠂ ᠲᠦᠭᠦᠬᠡᠶ ᠮᠣᠳᠣ᠂ ᠬᠤᠪᠴᠠᠰᠤ ᠬᠤᠨᠠᠷ ᠱᠠᠬᠠᠶ ᠮᠠᠯᠠᠭᠠᠶ᠂ ᠮᠠᠰᠢᠨ ᠴᠠᠬᠢᠯᠭᠠᠨ ᠤ ᠪᠦᠲᠦᠭᠡᠭᠳᠡᠬᠦᠨ᠂ ᠨᠡᠷᠡᠨ ᠬᠤᠸᠠᠷ ᠤᠨ ᠦᠷ᠎ᠡ᠂ ᠮᠠᠰᠢᠨ ᠲᠡᠷᠭᠡᠨ ᠤ ᠪᠦᠬᠦᠯᠢ ᠲᠡᠷᠭᠡ ᠵᠢᠴᠢ ᠰᠡᠯᠪᠢᠭ ᠲᠣᠨᠤᠭ ᠵᠡᠷᠭᠡ 1 000 ᠭᠠᠷᠤᠶ ᠵᠦᠢᠯ ᠢ ᠪᠠᠭᠲᠠᠭᠠᠨ᠎ᠠ᠃
  ︽2013 ᠣᠨ ᠤ ᠡᠬᠦᠷᠭᠡ ᠬᠦᠢᠴᠡᠳᠬᠡᠦ ᠲᠤᠬᠠᠶ ᠶᠢᠨ ᠭᠠᠵᠠᠷ ᠲᠤ 3 ᠵᠤᠷᠪᠤᠰ ᠥᠷᠭᠡᠨ ᠵᠠᠮ᠂ 1 ᠵᠤᠷᠪᠤᠰ ᠪᠠᠷᠢᠮᠵᠢᠶᠠᠲᠤ ᠵᠠᠮ ᠳᠡᠪᠢᠰᠴᠦ᠂ ᠡᠳᠦᠷ ᠪᠦᠷᠢ ᠪᠣᠭᠤᠮᠲᠠ ᠥᠩᠭᠡᠷᠡᠬᠦ ᠭᠠᠯᠲᠤ ᠲᠡᠷᠭᠡ 20 ᠴᠤᠪᠤᠭ᠎ᠠ ᠪᠠᠶᠢᠨ᠎ᠠ᠃ ᠣᠳᠣ 3 ᠵᠤᠷᠪᠤᠰ ᠥᠷᠭᠡᠨ ᠵᠠᠮ᠂ 3 ᠵᠤᠷᠪᠤᠰ ᠪᠠᠷᠢᠮᠵᠢᠶᠠᠲᠤ ᠲᠡᠮᠦᠷ ᠵᠠᠮ ᠪᠣᠯᠣᠨ ᠨᠡᠮᠡᠭᠳᠡᠵᠦ᠂ ᠡᠳᠦᠷ ᠪᠦᠷᠢ 44 ᠴᠤᠪᠤᠭ᠎ᠠ ᠲᠡᠷᠭᠡ ᠨᠡᠮᠡᠭᠳᠡᠵᠦ᠂ ᠨᠢᠭᠡ ᠳᠠᠬᠢᠨ ᠢᠯᠡᠭᠦᠦ ᠨᠡᠮᠡᠭᠳᠡᠵᠡᠢ᠃ ᠶᠠᠩ ᠪᠢᠩ ᠤᠨ ᠪᠣᠭᠤᠮᠲᠠ ᠶᠢᠨ ᠬᠥᠭᠵᠢᠯᠲᠡ ᠬᠤᠪᠢᠷᠠᠯᠲᠠ ᠶᠢᠨ ᠲᠤᠬᠠᠶ ᠶᠠᠷᠢᠬᠤ ᠳᠤ᠂ ᠬᠠᠮᠤᠭ ᠤᠨ ᠶᠡᠭᠡ ᠲᠥᠷᠥᠭᠳᠡᠯ ᠪᠣᠯ ᠳᠠᠷᠤᠶ ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠣᠯᠠᠰᠢᠷᠠᠵᠤ᠂ ᠪᠣᠭᠤᠮᠲᠠ ᠪᠠᠷ ᠥᠩᠭᠡᠷᠡᠬᠦ ᠬᠤᠷᠳᠤᠴᠠ ᠨᠢ ᠲᠦᠷᠭᠡᠨ ᠪᠣᠯᠵᠤ᠂ ᠡᠭᠦᠨ ᠤ ᠳᠠᠭᠠᠤ ᠠᠵᠢᠯ ᠤᠨ ᠬᠡᠮᠵᠢᠶ᠎ᠡ ᠴᠦ ᠨᠠᠩ ᠶᠡᠭᠡ ᠪᠣᠯᠵᠠᠶ᠃    ᠬᠢᠯᠢ ᠪᠠᠷ ᠣᠷᠣᠵᠤ ᠭᠠᠷᠬᠤ ᠭᠠᠯᠲᠤ ᠲᠡᠷᠭᠡ ᠳᠠᠬᠢᠨ ᠢᠶᠠᠷ ᠨᠡᠮᠡᠭᠳᠡᠵᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠡᠷᠬᠢᠨ ᠪᠠᠲᠤᠯᠠᠬᠤ ᠪᠣᠶ︖ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠤᠶᠤᠨᠲᠤ ᠬᠢᠯᠢ ᠶᠢᠨ ᠪᠠᠶᠢᠴᠠᠭᠠᠯᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠡᠭᠡᠳᠦ ᠴᠢᠨᠠᠷᠵᠢᠯ ᠤᠨ ᠲᠣᠳᠣᠷᠬᠠᠶ ᠬᠢᠨᠠᠨ ᠡᠵᠡᠮᠳᠡᠬᠦ ᠲᠥᠬᠦᠭᠡᠷᠦᠮᠵᠢ ᠵᠢᠵᠢᠭᠦᠷᠯᠡᠬᠦ ᠲᠤᠬᠠᠶ ᠶᠢᠨ ᠲᠠᠯᠠᠪᠠᠶ ᠳᠤ  ᠣᠭᠰᠠᠷᠠᠵᠦ᠂ ᠠᠷᠠᠳ ᠤᠨ ᠴᠠᠭᠳᠠᠭ᠎ᠠ ︽ᠡᠯᠧᠺᠲ᠋ᠣᠷᠣᠨ ᠬᠠᠷᠠᠭᠤᠯ︾ ᠢ ᠡᠵᠡᠮᠳᠡᠪᠡᠯ ᠲᠡᠷᠭᠡᠨ ᠤ ᠣᠷᠣᠶ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠲᠡᠷᠭᠡ ᠳᠠᠷᠠᠭᠠᠯᠠᠨ ᠪᠠᠶᠢᠴᠠᠭᠠᠬᠤ ᠴᠠᠭ ᠢ ᠠᠷᠪᠢᠯᠠᠵᠤ᠂ ᠭᠠᠯᠲᠤ ᠲᠡᠷᠭᠡ ᠪᠦᠷᠢ ᠶᠢᠨ ᠪᠣᠭᠤᠮᠲᠠ ᠪᠠᠷ ᠥᠩᠭᠡᠷᠡᠬᠦ ᠴᠠᠭ ᠢ 45 ᠮᠢᠨᠦ᠋ᠲ ᠪᠠᠶᠢᠭᠰᠠᠨ ᠠᠴᠠ 25 ᠮᠢᠨᠦ᠋ᠲ ᠪᠣᠯᠭᠠᠨ ᠪᠣᠭᠤᠨᠢᠰᠬᠠᠪᠠ᠃ ᠪᠠᠰᠠ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠲᠤᠰᠬᠠᠢ ᠵᠢᠰᠢᠶᠠᠨ ᠤ ᠵᠢᠵᠢᠭᠦᠷ᠂ ᠲᠤᠭᠤᠯᠭ᠎ᠠ ᠶᠢ ᠪᠢᠲᠡᠭᠦᠮᠵᠢᠯᠡᠨ ᠪᠠᠶᠢᠴᠠᠭᠠᠬᠤ ᠦᠭᠡᠢ ᠵᠡᠷᠭᠡ ᠠᠯᠢ ᠤᠯᠠᠨ ᠰᠢᠨ᠎ᠡ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠶᠢᠴᠠᠭᠠᠨ ᠰᠢᠯᠭᠠᠯᠲᠠ ᠶᠢ ᠥᠴᠦᠬᠡᠨ ᠴᠦ ᠬᠤᠶᠢᠰᠢᠯᠠᠭᠤᠯᠬᠤ ᠦᠭᠡᠢ ᠪᠠᠶᠢᠬᠤ ᠶᠢ ᠪᠠᠲᠤᠯᠠᠵᠤ᠂ ᠪᠣᠭᠤᠮᠲᠠ ᠪᠠᠷ ᠥᠩᠭᠡᠷᠡᠬᠦ ᠶᠢ ᠰᠠᠭᠠᠳᠠᠬᠤ ᠦᠭᠡᠢ ᠪᠠᠶᠢᠬᠤ ᠶᠢ ᠪᠠᠲᠤᠯᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ︽ᠬᠤᠷᠳᠤᠴᠠ ᠶᠢ ᠲᠦᠷᠭᠡᠳᠭᠡᠬᠦ︾ ᠶᠢ ᠳᠡᠮᠵᠢᠪᠡ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号