ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠣᠭᠤᠮᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/28
    4 ᠰᠠᠷ᠎ᠠ ᠶᠢᠨ 26 ᠤ ᠡᠳᠦᠷ ᠠᠴᠠ 27 ᠤ ᠡᠳᠦᠷ ᠪᠣᠯᠲᠠᠯ᠎ᠠ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠣᠭᠤᠮᠲᠠ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ᠂ ᠪᠣᠭᠤᠮᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠨᠠᠷᠠᠰᠤ ᠠᠵᠢᠯᠯᠠᠭ᠎ᠠ ᠳᠤ ᠣᠷᠣᠯᠴᠠᠪᠠ᠃
   ᠬᠤᠷᠠᠯ ᠳᠡᠭᠡᠷ᠎ᠡ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠡᠮᠦᠷ ᠵᠠᠮ ᠤᠨ ᠲᠡᠷᠭᠡᠨ ᠥᠷᠲᠡᠭᠡ᠂ ᠡᠷᠢᠶᠡᠨ ᠤ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ ᠰᠠᠯᠠᠭ᠎ᠠ ᠮᠥᠴᠢᠷ ᠤᠳ ᠮᠠᠨ ᠤ ᠬᠤᠲᠠ ᠶᠢᠨ ᠦᠨᠳᠦᠰᠦᠨ ᠪᠠᠶᠢᠳᠠᠯ᠂ ᠪᠣᠭᠤᠮᠲᠠ ᠪᠠᠷ ᠥᠩᠭᠡᠷᠡᠬᠦ ᠪᠠᠶᠢᠳᠠᠯ ᠵᠡᠷᠭᠡ ᠶᠢ ᠲᠠᠨᠢᠯᠴᠠᠭᠤᠯᠪᠠ᠃
   ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠡᠷᠢᠶᠡᠨ ᠪᠣᠭᠤᠮᠲᠠ ᠪᠣᠯ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠶᠢᠨ ᠴᠡᠭ ᠪᠣᠯᠬᠤ ᠬᠤᠲᠠ ᠪᠠ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠠᠶᠢᠵᠤ᠂ ᠣᠷᠣᠨ ᠪᠠᠶᠢᠷᠢ ᠶᠢᠨ ᠳᠠᠪᠠᠭᠤᠯᠢᠭ ᠨᠢ ᠢᠯᠡᠷᠬᠡᠶ ᠶᠤᠮ᠃ ᠤᠯᠤᠰ ᠲᠦᠷᠦ ᠶᠢᠨ ᠵᠥᠪᠯᠡᠯᠭᠡᠨ ᠤ ᠴᠢᠳᠠᠪᠤᠷᠢᠲᠠᠨ ᠤ ᠤᠶᠤᠨ ᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠶᠢᠴᠠᠭᠠᠨ ᠰᠤᠳᠤᠯᠤᠯᠲᠠ ᠶᠢᠨ ᠪᠠᠶᠢᠳᠠᠯ ᠢ ᠴᠠᠭ ᠲᠤᠬᠠᠢ ᠳᠤᠨᠢ ᠡᠮᠬᠢᠯᠡᠨ ᠳ᠋ᠦᠩᠨᠡᠵᠦ᠂ ᠠᠳᠠᠯᠢ ᠪᠤᠰᠤ ᠳᠠᠪᠬᠤᠷᠭ᠎ᠠ ᠠᠴᠠ ᠡᠷᠢᠶᠡᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠭᠤᠮᠲᠠ ᠶᠢᠨ ᠠᠵᠤ ᠦᠢᠯᠡᠰ ᠢ ᠨᠡᠩ ᠬᠦᠴᠦᠷᠬᠡᠭᠵᠢᠭᠦᠯᠵᠦ᠂ ᠪᠣᠭᠤᠮᠲᠠ ᠶᠢᠨ ᠠᠵᠤ ᠠᠬᠤᠢ ᠶᠢ ᠨᠡᠩ ᠪᠤᠵᠠᠭᠠᠶᠢᠷᠠᠭᠤᠯᠬᠤ ᠪᠠᠷ ᠴᠢᠷᠮᠠᠶᠢᠨ᠎ᠠ᠃    ᠡᠨᠡ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠬᠢᠯᠢ ᠠᠯᠤᠰᠯᠠᠭᠰᠠᠨ ᠡᠯᠧᠺᠲ᠋ᠣᠷᠣᠨ ᠬᠤᠳᠠᠯᠳᠤᠭᠠᠨ ᠤ ᠠᠵᠤ ᠦᠢᠯᠡᠰ ᠤᠨ ᠳᠣᠭᠤᠷᠢᠭ᠂ ᠬᠤᠸᠠᠨ ᠢᠦᠢ ᠪᠠᠷᠠᠭᠠᠨ ᠤ ᠭᠦᠢᠯᠭᠡᠭᠡᠨ ᠤ ᠲᠣᠭᠤᠷᠢᠭ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠵᠠᠰᠠᠮᠠᠯ ᠵᠠᠮ ᠤᠨ ᠪᠣᠭᠤᠮᠲᠠ ᠶᠢᠨ ᠵᠤᠭᠠᠴᠠᠯ ᠤᠨ ᠪᠠᠶᠢᠴᠠᠭᠠᠯᠲᠠ ᠶᠢᠨ ᠵᠠᠮ ᠵᠢᠴᠢ ᠬᠡᠰᠡᠭ ᠠᠵᠤ ᠠᠬᠤᠶᠢᠯᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号