ᠮᠠᠨ ᠤ ᠬᠤᠲᠠ ᠶᠢᠨ ᠠᠩᠬᠠᠳᠠᠭᠴᠢ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠪᠠᠶᠢᠭᠤᠯᠣᠭᠳᠠᠪᠠ
ᠨᠡᠶᠢᠲᠡᠯᠡᠭᠰᠡᠨ ᠴᠠᠭ᠄
2023/4/3
  ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠰᠢᠢᠳᠪᠦᠷᠢᠯᠡᠬᠦ ᠶᠢᠨ ᠳᠣᠯᠠᠳᠠ᠂ 3 ᠰᠠᠷ᠎ᠠ ᠶᠢᠨ 30 ᠤ ᠡᠳᠦᠷ᠂ ᠮᠠᠨ ᠤ ᠬᠤᠲᠠ ᠶᠢᠨ ᠠᠩᠬᠠᠳᠠᠭᠴᠢ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠪᠠᠶᠢᠭᠤᠯᠣᠭᠳᠠᠪᠠ᠃    ᠶᠣᠰᠣᠯᠠᠯ ᠳᠡᠭᠡᠷ᠎ᠡ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠬᠢᠯᠢ ᠶᠢᠨ ᠬᠠᠮᠠᠭᠠᠯᠠᠯᠲᠠ ᠶᠢᠨ ᠨᠢᠭᠡᠨ ᠪᠠᠷᠢᠭᠠᠳᠠ ᠲᠠᠢ ︽ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠥᠷᠲᠡᠭᠡ ᠶᠢ ᠬᠠᠮᠲᠤ ᠪᠠᠷ ᠪᠠᠶᠢᠭᠤᠯᠬᠤ ᠬᠡᠯᠡᠯᠴᠡᠭᠡᠷ︾ ᠲᠣᠭᠲᠠᠪᠠ᠃   ᠴᠡᠷᠢᠭ ᠤᠨ ᠬᠥᠮᠥᠨ ᠴᠡᠷᠢᠭ ᠤᠨ ᠭᠡᠷ ᠪᠦᠯᠢ ᠶᠢᠨ ᠬᠢᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠠᠵᠢᠯ ᠤᠨ ᠦᠷᠳᠡᠭᠡ ᠶᠢ ᠪᠠᠶᠢᠭᠤᠯᠬᠤ ᠪᠣᠯ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠦᠢᠯᠡᠴᠢᠯᠡᠭᠡ ᠶᠢ ᠥᠷᠭᠡᠳᠬᠡᠬᠦ‍ ᠨᠢᠭᠡ ᠵᠦᠢᠯ ᠤᠨ ᠠᠷᠭ᠎ᠠ ᠪᠠᠷᠢᠯ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠤᠷᠰᠢᠯᠭ᠎ᠠ ᠪᠠᠷ ᠪᠠᠶᠠᠯᠢᠭ᠂ ᠴᠢᠳᠠᠪᠤᠷᠢ ᠪᠠᠷ ᠲᠣᠪᠣᠶᠢᠮ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠭᠤᠣᠯᠯᠠᠭᠴᠢ ᠬᠠᠤᠯᠢᠴᠢ ᠶᠢ ᠰᠣᠩᠭᠤᠵᠤ᠂ ᠴᠡᠷᠢᠭ ᠤᠨ ᠬᠥᠮᠥᠨ ᠴᠡᠷᠢᠭ ᠤᠨ ᠭᠡᠷ ᠪᠦᠯᠢ ᠳᠤ ᠣᠯᠠᠨ ᠡᠰᠢᠲᠦ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠦᠢᠯᠡᠴᠢᠯᠡᠭᠡ ᠬᠠᠩᠭᠠᠵᠤ᠂ ᠰᠦᠢᠳᠬᠡᠯ ᠬᠤᠷᠢᠶᠠᠬᠤ ᠦᠭᠡᠢ ᠪᠠᠷ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠥᠷᠨᠢᠭᠦᠯᠬᠦ ᠵᠡᠷᠭᠡ ᠠᠵᠢᠯ ᠢᠶᠠᠷ ᠳᠠᠮᠵᠢᠭᠤᠯᠤᠨ᠂ ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ ᠶᠢᠨ ᠬᠢᠨ ᠳᠤ ᠨᠡᠩ ᠰᠢᠯᠢᠳᠡᠭ ᠥᠨᠳᠥᠷ ᠪᠦᠲᠦᠮᠵᠢᠲᠡᠶ ᠬᠠᠤᠯᠢ ᠴᠠᠭᠠᠵᠠ ᠶᠢᠨ ᠦᠢᠯᠡᠴᠢᠯᠡᠭᠡ ᠪᠠ ᠡᠷᠡᠰ ᠴᠢᠩᠭ᠎ᠠ ᠬᠦᠴᠦᠨ ᠪᠦᠬᠦᠢ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠵᠤ᠂  ᠬᠠᠤᠯᠢ ᠴᠠᠭᠠᠵᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠷ ᠨᠡᠩ ᠤᠯᠠᠨ ᠴᠡᠷᠢᠭ ᠤᠨ ᠬᠥᠮᠥᠨ ᠪᠠ ᠴᠡᠷᠢᠭ ᠤᠨ ᠭᠡᠷ ᠪᠦᠯᠢ ᠶᠢᠨ ᠬᠢᠨ ᠳᠤ ᠠᠰᠢᠭ ᠬᠦᠷᠲᠡᠭᠡᠨ᠎ᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号