ᠡᠨᠡ ᠵᠢᠯ ᠤᠨ ᠲᠦᠷᠦᠭᠦᠸ ᠪᠦᠯᠦᠭ ᠣᠷᠣᠰ ᠤᠨ ᠪᠠᠷᠠᠭᠠᠨ ᠤ ᠲᠡᠷᠭᠡ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠵᠦ ᠢᠷᠡᠪᠡ
ᠨᠡᠶᠢᠲᠡᠯᠡᠭᠰᠡᠨ ᠴᠠᠭ᠄
2023/4/3
    3 ᠰᠠᠷ᠎ᠠ ᠶᠢᠨ 27 ᠤ ᠡᠳᠦᠷ᠂ ᠡᠨᠡ ᠵᠢᠯ ᠤᠨ ᠠᠩᠬᠠᠨ ᠤ ᠪᠦᠯᠦᠭ ᠣᠷᠣᠰ ᠤᠨ ᠪᠠᠷᠠᠭᠠᠨ ᠤ ᠲᠡᠷᠭᠡ ᠡᠷᠢᠶᠡᠨ ᠬᠤᠲᠠ ᠶᠢᠨ ᠵᠠᠰᠠᠮᠠᠯ ᠵᠠᠮ ᠤᠨ ᠪᠣᠭᠤᠮᠲᠠ ᠪᠠᠷ ᠣᠷᠣᠵᠦ ᠢᠷᠡᠪᠡ᠃     ᠬᠢᠯᠢ ᠪᠠᠷ ᠣᠷᠣᠵᠤ ᠢᠷᠡᠭᠰᠡᠨ ᠣᠷᠣᠰ ᠤᠨ 2 ᠪᠠᠷᠠᠭᠠᠨ ᠤ ᠲᠡᠷᠭᠡ ᠶᠢ TIR ᠬᠡᠯᠪᠡᠷᠢ ᠪᠠᠷ ᠭᠠᠳᠠᠭᠠᠳᠤ ᠠᠴᠠ ᠣᠷᠣᠭᠤᠯᠵᠤ᠂ 40 ᠲᠣᠨ ᠨᠡᠷᠡᠨ ᠬᠤᠸᠠᠷ ᠤᠨ ᠲᠣᠰᠣ ᠶᠢ ᠣᠯᠠᠭᠠᠨᠴᠠᠪ ᠬᠤᠳᠠ ᠣᠷᠣᠭᠤ ᠳᠠᠭᠠᠭᠠᠴᠢᠯᠠᠨ ᠳᠡᠭᠡᠭᠡᠪᠣᠷᠢᠯᠡᠪᠡ᠃     ᠡᠨᠡ ᠵᠢᠯ ᠵᠠᠰᠠᠮᠠᠯ ᠵᠠᠮ ᠤᠨ ᠪᠣᠭᠤᠮᠲᠠ ᠶᠢᠨ ᠪᠠᠶᠢᠩᠭᠤ ᠶᠢᠨ ᠴᠢᠨᠠᠷᠲᠠᠢ ᠪᠣᠭᠤᠮᠲᠠ ᠪᠠᠷ ᠥᠩᠭᠡᠷᠡᠬᠦ ᠶᠢ ᠰᠡᠷᠭᠦᠭᠡᠭᠰᠡᠨ ᠠᠴᠠ ᠨᠠᠰᠢ᠂ ᠡᠷᠢᠶᠡᠨ ᠪᠣᠭᠤᠮᠲᠠ ᠶᠢᠨ ᠬᠢᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠰᠠᠨᠠᠭᠠᠴᠢᠯᠠᠭ᠎ᠠ   ᠠᠴᠠ ᠪᠠᠨ ᠵᠣᠯᠭᠠᠭᠤᠯᠬᠤ᠂ ᠠᠵᠢᠯ ᠤᠨ ᠵᠠᠭᠪᠤᠷ ᠢᠶᠠᠨ ᠴᠠᠭ ᠲᠤᠬᠠᠢ ᠳᠤᠨᠢ ᠲᠣᠬᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ ᠳᠤ ᠥᠨᠳᠥᠷ ᠪᠦᠲᠦᠮᠵᠢᠲᠡᠶ᠂ ᠲᠦᠷᠭᠡᠨ ᠦᠢᠯᠡᠴᠢᠯᠡᠭᠡ ᠬᠠᠩᠭᠠᠵᠤ᠂ ᠪᠣᠭᠤᠮᠲᠠ ᠪᠠᠷ ᠥᠩᠭᠡᠷᠡᠬᠦ ᠶᠢᠨ ᠰᠠᠭᠠᠳ ᠦᠭᠡᠢ ᠶᠠᠪᠤᠭᠳᠠᠬᠤ ᠶᠢ ᠪᠠᠲᠤᠯᠠᠭᠰᠠᠨ ᠪᠠᠶᠢᠨ᠎ᠠ᠃     ᠡᠷᠢᠶᠡᠨ ᠬᠤᠲᠠ ᠶᠢᠨ ᠪᠣᠭᠤᠮᠲᠠ ᠪᠣᠯ TIR ᠲᠤᠬᠠᠶᠢᠯᠠᠭᠰᠠᠨ ᠠᠵᠢᠯ ᠤᠨ ᠭᠤᠣᠯ ᠪᠣᠭᠤᠮᠲᠠ ᠪᠠᠶᠢᠵᠤ᠂ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠪᠥᠬᠦ ᠤᠯᠤᠰ ᠤᠨ ᠲᠡᠷᠢᠭᠦᠨ ᠳᠤ ᠣᠷᠣᠵᠤ ᠪᠠᠶᠢᠨ᠎ᠠ᠃ ᠲᠣᠰ ᠪᠦᠯᠦᠭ ᠤᠳᠠᠭ᠎ᠠ ᠶᠢᠨ ᠪᠠᠷᠠᠭᠠᠨ ᠤ ᠪᠣᠭᠤᠮᠲᠠ ᠪᠠᠷ ᠤᠷᠤᠭᠰᠢᠲᠠᠢ ᠥᠩᠭᠡᠷᠡᠬᠦ ᠨᠢ ᠤᠯᠤᠰ ᠤᠨ ᠳᠣᠲᠣᠭᠠᠳᠤ   ᠠᠴᠠ ᠣᠷᠣᠰ ᠤᠨ ᠣᠯᠠᠭᠠᠠᠦ᠋ᠳᠡ ᠬᠦᠷᠬᠦ ᠪᠠᠷᠠᠭᠠᠨ ᠤ ᠲᠡᠭᠡᠭᠡᠪᠦᠷᠢ ᠶᠢᠨ ᠲᠦᠷᠭᠡᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠦᠷᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ᠃    
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号