ᠬᠤᠶᠠᠷ ᠭᠠᠵᠠᠷ ᠤᠨ ᠤᠯᠠᠭᠠᠨᠮᠥ᠋ᠴᠢᠷ ᠬᠠᠮᠲᠤ ᠪᠠᠷ ᠲᠣᠭᠯᠠᠯᠲᠠ ᠭᠠᠷᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠢᠯᠢ ᠶᠢᠨ ᠪᠣᠭᠤᠮᠲᠠ ᠶᠢᠨ ᠤᠯᠠᠨ ᠲᠦᠮᠡᠨ ᠳᠤ ᠣᠯᠠᠮᠵᠢᠯᠠᠪᠠ ︕
ᠨᠡᠶᠢᠲᠡᠯᠡᠭᠰᠡᠨ ᠴᠠᠭ᠄
2023/4/6
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠣᠣᠱᠯᠠᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠤᠳᠬ᠎ᠠ ᠤᠷᠠᠯᠢᠭ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠬᠤ ᠶᠢᠨ ᠳᠣᠯᠠᠳᠠ᠂ 4 ᠰᠠᠷ᠎ᠠ ᠶᠢᠨ 1  ᠤ ᠡᠳᠦᠷ᠂ ᠬᠥᠪᠡᠭᠡᠲᠦ ᠰᠢᠷ᠎ᠠ ᠬᠤᠰᠢᠭᠤᠨ ᠤ ᠤᠯᠠᠭᠠᠨᠮᠥ᠋ᠴᠢᠷ ᠪᠣᠯᠣᠨ ᠮᠠᠨ ᠤ ᠬᠤᠳᠠ ᠶᠢᠨ ᠤᠯᠠᠭᠠᠨᠮᠥ᠋ᠴᠢᠷ ᠤᠮᠠᠷᠠᠲᠤ ᠬᠢᠯᠢ ᠶᠢᠨ ᠨᠡᠶᠢᠭᠡᠮ ᠲᠣᠭᠤᠷᠢᠭ ᠲᠤ ᠬᠦᠷᠴᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃    ᠬᠤᠶᠠᠷ ᠤᠯᠠᠭᠠᠨᠮᠥ᠋ᠴᠢᠷ ᠤᠨ ᠬᠢᠨ ᠥᠷᠭᠡᠨ ᠤᠯᠠᠨ ᠰᠠᠭᠤᠭᠠᠯᠢ ᠠᠷᠠᠳ ᠲᠤ ︽ᠳᠠᠯ᠎ᠠ ᠨᠣᠳᠤᠭ ᠳᠡᠭᠡᠷ᠎ᠡ︾᠂ ︽ᠮᠠᠯᠴᠢᠳ ᠡᠪ ᠬᠠᠮᠲᠤ ᠨᠠᠮ ᠢᠶᠠᠨ ᠳᠠᠭᠤᠯᠠᠶ᠎ᠠ︾᠂ ︽ᠲᠤᠬᠰᠢᠨ ᠳᠠᠪᠠᠯᠭᠠᠨ︾᠂ ︽ᠡᠪ ᠬᠠᠮᠲᠤ ᠨᠠᠮ ᠢᠶᠠᠨ ᠳᠠᠭᠤᠯᠠᠶ᠎ᠠ︾᠂ ︽ᠠᠴᠠᠳᠦ︾᠂ ︽ᠤᠮᠠᠷᠠᠲᠤ ᠶᠢᠨ ᠬᠠᠪᠤᠷ︾ ᠵᠡᠷᠭᠡ ᠳᠠᠭᠤᠣ ᠪᠦᠵᠢᠭ ᠤᠨ ᠦᠵᠡᠬᠦᠯᠭᠡ ᠭᠠᠷᠭᠠᠪᠠ ᠃ ᠤᠯᠠᠭᠠᠨᠮᠥ᠋ᠴᠢᠷ ᠤᠨ ᠭᠡᠰᠢᠭᠦᠳ ᠤᠯᠠᠨ ᠲᠦᠮᠡᠨ ᠳᠤ ᠡᠯᠪᠡᠭ ᠪᠠᠶᠠᠯᠢᠭ ᠰᠣᠶᠣᠯ ᠤᠨ ︽ᠲᠠᠩᠰᠤᠭ ᠬᠤᠭᠤᠯᠠ︾  ᠶᠢ ᠡᠷᠭᠦᠵᠦ᠂ ᠴᠢᠨᠠᠷ ᠰᠠᠶᠢᠲᠠᠢ ᠰᠣᠶᠣᠯ ᠤᠨ ᠦᠢᠯᠡᠴᠢᠯᠡᠭᠡ ᠪᠠᠷ ᠨᠠᠮ ᠤᠨ ᠲᠠᠭᠤᠨ ᠪᠣᠯᠣᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠬᠠᠩᠭᠢᠨᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭᠠᠨ ᠤ ᠤᠬᠠᠭᠤᠯᠭ᠎ᠠ ᠶᠢ ᠦᠨᠳᠦᠰᠦᠨ ᠱᠠᠲᠤᠨ ᠳᠤ ᠲᠠᠶᠢᠴᠢᠯᠠᠵᠦ᠂ ᠠᠮᠢᠵᠢᠷᠠᠯ ᠤᠨ ᠬᠦᠴᠦᠨ ᠲᠠᠢ ᠪᠣᠯᠭᠠᠵᠠᠢ᠃     ᠣᠶᠢᠯᠠᠭᠠᠭᠰᠠᠨ ᠢᠶᠠᠷ᠂ ᠬᠤᠶᠠᠷ ᠭᠠᠵᠠᠷ ᠤᠨ ᠤᠯᠠᠭᠠᠨᠮᠥ᠋ᠴᠢᠷ ︽ᠲᠣᠬᠤᠨᠢᠭᠤᠯᠬᠤ ᠲᠣᠭᠯᠠᠯᠲᠠ + ᠰᠤᠷᠤᠯᠴᠠᠯᠭ᠎ᠠ ᠰᠣᠯᠢᠯᠴᠠᠭ᠎ᠠ + ᠤᠷᠠᠨ ᠰᠠᠶᠢᠬᠠᠨ ᠤ ᠲᠣᠭᠯᠠᠯᠲᠠ︾ ᠶᠢᠨ ᠵᠠᠭᠪᠤᠷ ᠢᠶᠠᠷ᠂ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠦᠨᠳᠦᠰᠦᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ︽ᠲᠠᠯ᠎ᠠ ᠨᠤᠲᠤᠭ ᠤᠨ ᠬᠤᠪᠢᠰᠬᠠᠯᠲᠤ ᠤᠷᠠᠨ ᠰᠠᠶᠢᠬᠠᠨ ᠤ ᠬᠥᠩᠭᠡᠨ ᠮᠣᠷᠢᠲᠤ ᠴᠡᠷᠢᠭ︾ ᠤᠨ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠦᠨᠳᠦᠰᠦᠯᠡᠭᠦᠯᠵᠦ᠂ ᠦᠷ᠎ᠡ ᠵᠢᠮᠢᠰ ᠰᠠᠭᠤᠯᠭᠠᠪᠠ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号