ᠸᠠᠩ ᠰᠠᠨ ᠰᠢ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠣᠳᠣᠯᠣᠯᠳᠠ ᠬᠢᠪᠡ
ᠨᠡᠶᠢᠲᠡᠯᠡᠭᠰᠡᠨ ᠴᠠᠭ᠄
2023/4/6
    4 ᠰᠠᠷ᠎ᠠ ᠶᠢᠨ 4 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠰᠢ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠨᠢᠭᠡᠳᠦᠭᠡᠷ ᠬᠡᠦᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠴᠢ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠥᠬᠦ ᠬᠤᠲᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠪᠣᠯᠣᠨ ᠪᠠᠭᠰᠢ ᠶᠢᠨ ᠲᠥᠯᠥᠭᠡᠯᠡᠭᠴᠢᠳ ᠲᠠᠢ ᠪᠣᠭᠤᠮᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠲᠤᠬᠠᠢ ᠶᠠᠷᠢᠯᠴᠠᠪᠠ᠃    ᠶᠠᠷᠢᠯᠴᠠᠬᠤ ᠬᠤᠷᠠᠯ ᠳᠡᠭᠡᠷ᠎ᠡ᠂ ᠰᠤᠷᠭᠠᠭᠤᠯᠢ ᠶᠢᠨ ᠵᠠᠬᠢᠷᠣᠯ᠂ ᠪᠠᠭᠰᠢ ᠶᠢᠨ ᠲᠥᠯᠥᠭᠡᠯᠡᠭᠴᠢᠳ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠮᠡᠷᠭᠡᠵᠢᠯ ᠤᠨ ᠴᠣᠯᠠ ᠲᠣᠭᠲᠠᠭᠠᠬᠤ ᠤᠷᠢᠬᠤ᠂ ᠪᠠᠭᠰᠢ ᠶᠢᠨ ᠪᠣᠯᠪᠠᠰᠤᠷᠠᠭᠤᠯᠤᠯ᠂ ᠰᠤᠷᠭᠠᠭᠤᠯᠢ ᠶᠢᠨ ᠬᠤᠭᠤᠷᠣᠨᠳᠣᠬᠢ ᠬᠠᠮᠲᠤᠷᠠᠯᠴᠠᠭ᠎ᠠ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠪᠠ᠃    ᠸᠠᠩ ᠰᠠᠨ ᠰᠢ ᠡᠩ ᠲᠡᠷᠢᠭᠦᠨ ᠳᠤ ᠤᠯᠠᠨ ᠵᠢᠯ ᠤᠨ ᠲᠤᠷᠰᠢ ᠬᠢᠯᠢ ᠶᠢᠨ ᠪᠣᠭᠤᠮᠲᠠ ᠶᠢᠨ ᠰᠤᠷᠭᠠᠨ ᠬᠥᠮᠦᠵᠢᠯ ᠤᠨ ᠦᠢᠯᠡᠰ ᠲᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠥᠷᠭᠡᠨ ᠤᠯᠠᠨ ᠰᠤᠷᠭᠠᠨ ᠬᠥᠮᠦᠵᠢᠯ ᠤᠨ ᠠᠵᠢᠯᠲᠠᠳ ᠲᠤ ᠬᠦᠨᠳᠦᠳᠬᠡᠯ ᠳᠡᠪᠰᠢᠭᠦᠯᠬᠦ ᠶᠢᠨ ᠬᠠᠮᠲᠤ ᠤᠯᠠᠨ ᠤ ᠰᠠᠨᠠᠯ ᠢ ᠨᠠᠷᠢᠨ ᠬᠢᠨᠠᠮᠠᠭᠠᠢ ᠰᠣᠨᠣᠰᠴᠤ᠂ ᠪᠣᠳᠠᠲᠠᠢ ᠠᠰᠠᠭᠤᠳᠠᠯ ᠤᠨ ᠲᠤᠬᠠᠢ ᠤᠯᠠᠨ ᠲᠠᠢ ᠬᠠᠮᠲᠤ ᠪᠠᠷ ᠰᠤᠳᠤᠯᠤᠨ ᠶᠠᠷᠢᠯᠴᠠᠵᠤ ᠪᠠᠶᠢᠯ᠎ᠠ᠃      ᠸᠠᠩ ᠰᠠᠨ ᠰᠢ ᠠᠴᠠ᠂ ᠰᠤᠷᠭᠠᠨ ᠬᠥᠮᠦᠵᠢᠯ ᠤᠨ ᠦᠢᠯᠡᠰ ᠨᠢ ᠪᠥᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠡᠷᠢᠶᠡᠨ ᠬᠤᠳᠠ ᠶᠢᠨ ᠰᠤᠷᠭᠠᠨ ᠬᠥᠮᠦᠵᠢᠯ ᠤᠨ ᠠᠵᠢᠯ ᠳᠤ ᠬᠦᠰᠡᠯ ᠡᠷᠡᠮᠡᠯᠵᠡᠯ ᠳᠦᠭᠦᠷᠡᠩ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠢ ᠱᠦᠵᠢ ᠶᠢᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠤᠱᠯᠠᠭᠤᠯᠵᠤ᠂ ᠰᠤᠷᠭᠠᠨ ᠬᠥᠮᠦᠵᠢᠯ ᠤᠨ ᠹᠷᠣᠨᠲ ᠤᠨ ︽ᠠᠷᠤ ᠲᠠᠯ᠎ᠠ ᠶᠢᠨ ᠦᠢᠯᠡᠴᠢᠯᠡᠭᠡᠨ ᠤ ᠬᠡᠯᠲᠡᠰ ︾ ᠪᠣᠯᠵᠤ᠂ ᠣᠳᠣᠬᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠰᠢᠰᠲ᠋ᠧᠮ ᠲᠠᠢ ᠪᠠᠷ ᠠᠷᠭ᠎ᠠ ᠰᠦᠪᠡᠭᠴᠢᠯᠡᠵᠦ᠂ ᠪᠣᠭᠤᠮᠲᠠ ᠶᠢᠨ ᠰᠤᠷᠭᠠᠨ ᠬᠥᠮᠦᠵᠢᠯ ᠤᠨ ᠬᠥᠭᠵᠢᠯᠲᠡ ᠶᠢᠨ ᠳᠦᠷᠢᠮ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠵᠤ᠂ ᠲᠥᠷᠥ ᠶᠢᠨ ᠪᠣᠳᠣᠯᠭ᠎ᠠ ᠶᠢᠨ ᠨᠢᠭᠡᠳᠦᠯᠲᠦ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠵᠤ᠂ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠬᠤ ᠬᠠᠳᠠᠨ ᠵᠣᠷᠢᠭ ᠢ ᠪᠠᠷᠢᠮᠲᠠᠯᠠᠨ᠂ ︽ᠭᠡᠷ ᠤᠨ ᠡᠭᠦᠳᠡᠨ ᠳᠠᠬᠢ︾ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ ᠭᠡᠪᠡ᠃       ᠬᠤᠲᠠ ᠶᠢᠨ ᠤᠳᠤᠷᠢᠳᠤᠯᠭ᠎ᠠ ᠶᠠᠩ ᠶᠢᠨ ᠷᠦᠢ᠂ ᠵᠠᠩ ᠯᠢ ᠴᠧᠩ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号