| 4 ᠰᠠᠷ᠎ᠠ ᠶᠢᠨ 4 ᠤ ᠡᠳᠦᠷ᠂ ᠭᠧᠷᠮᠠᠨ ᠠᠴᠠ ᠵᠧᠩᠵᠧᠦ ᠳᠤ ᠬᠦᠷᠬᠦ ᠳᠤᠮᠳᠠᠳᠤ ᠡᠸᠦ᠋ᠷᠦᠫᠡ ᠶᠢᠨ | ᠵᠢᠰᠢᠶᠠᠨ ᠤ ᠭᠠᠯᠲᠤ ᠲᠡᠷᠭᠡ ᠶᠢᠨ ᠲᠡᠭᠡᠭᠡᠪᠦᠷᠢᠯᠡᠭᠰᠡᠨ ᠪᠠᠷᠠᠭ᠎ᠠ ᠡᠷᠢᠶᠡᠨ ᠲᠡᠮᠦᠷ ᠵᠠᠮ ᠤᠨ ᠪᠣᠭᠤᠮᠲᠠ ᠶᠢᠨ ᠬᠢᠯᠢ ᠪᠠᠷ | ᠲᠦᠷᠭᠡᠨ ᠨᠡᠪᠲᠡᠷᠡᠬᠦ ᠲᠤᠬᠠᠶᠢᠯᠠᠭᠰᠠᠨ ᠠᠵᠢᠯ ᠢ ᠠᠮᠵᠢᠯᠲᠠ ᠲᠠᠢ ᠭᠤᠶᠤᠴᠢᠯᠠᠨ ᠭᠦᠢᠴᠡᠳᠬᠡᠵᠡᠢ᠃ ᠡᠨᠡ ᠪᠣᠯ ᠡᠷᠢᠶᠡᠨ | ᠲᠡᠮᠦᠷ ᠵᠠᠮ ᠤᠨ ᠪᠣᠭᠤᠮᠲᠠ ᠳᠤ ᠰᠠᠭᠤᠷᠢᠰᠢᠭᠰᠠᠨ ᠠᠩᠬᠠᠨ ᠤ ᠳᠣᠰ ᠳᠦᠷᠦᠯ ᠤᠨ ᠲᠤᠬᠠᠶᠢᠯᠠᠭᠰᠠᠨ ᠠᠵᠢᠯ ᠪᠣᠯᠣᠨ᠎ᠠ | ᠃ | ︽ᠲᠡᠮᠦᠷ ᠵᠠᠮ ᠤᠨ ᠬᠢᠯᠢ ᠪᠠᠷ ᠣᠷᠣᠭᠤᠯᠵᠤ ᠭᠠᠷᠭᠠᠬᠤ ᠪᠣᠭᠤᠮᠲᠠ ᠪᠠᠷ ᠲᠦᠷᠭᠡᠨ ᠥᠩᠭᠡᠷᠡᠬᠦ︾ | ᠲᠤᠬᠠᠶᠢᠯᠠᠭᠰᠠᠨ ᠠᠵᠢᠯ ᠤᠨ ᠵᠠᠭᠪᠤᠷ ᠪᠣᠯ ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠢᠯᠢ ᠶᠢᠨ ᠳᠣᠲᠣᠷᠠᠬᠢ ᠲᠡᠮᠦᠷ | ᠵᠠᠮ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠰᠢᠯᠵᠢᠭᠦᠯᠦᠨ | ᠲᠡᠭᠡᠭᠡᠪᠦᠷᠢᠯᠡᠬᠦ ᠦᠷ᠎ᠡ ᠪᠦᠲᠦᠮᠵᠢ ᠪᠠ ᠳᠥᠭᠦᠮᠴᠢᠯᠡᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ | ᠳᠡᠯᠭᠡᠷᠡᠭᠦᠯᠬᠦ ᠨᠢᠭᠡ ᠵᠦᠢᠯ ᠤᠨ ᠲᠤᠬᠠᠶᠢᠯᠠᠭᠰᠠᠨ ᠠᠵᠢᠯ ᠤᠨ ᠵᠠᠭᠪᠤᠷ ᠪᠣᠯᠣᠨ᠎ᠠ᠃ ᠲᠣᠰ ᠵᠠᠭᠪᠤᠷ ᠤᠨ ᠳᠣᠣᠷ᠎ᠠ᠂ | ᠠᠵᠤ ᠠᠬᠤᠶᠢᠯᠠᠯ ᠤᠳ ᠭᠤᠶᠤᠴᠢᠯᠠᠨ ᠮᠡᠳᠡᠭᠦᠯᠦᠭᠰᠡᠨ ᠭᠠᠵᠠᠷ ᠤᠨ ᠪᠣᠭᠤᠮᠲᠠ ᠳᠤ ᠬᠠᠭᠤᠳᠠᠰᠤ ᠶᠢ ᠨᠡᠶᠢᠯᠡᠭᠦᠯᠬᠦ᠂ | ᠪᠢᠯᠧᠲ ᠬᠤᠪᠢᠶᠠᠬᠤ ᠵᠢᠴᠢ ᠪᠣᠭᠤᠮᠲᠠ ᠶᠢᠨ ᠪᠠᠶᠢᠴᠠᠭᠠᠨ ᠰᠢᠯᠭᠠᠬᠤ ᠵᠡᠷᠭᠡ ᠲᠤᠬᠠᠶᠢᠯᠠᠭᠰᠠᠨ ᠠᠵᠢᠯ ᠢ ᠪᠡᠶᠡᠯᠡᠭᠦᠯᠵᠦ | ᠪᠣᠯᠣᠨ᠎ᠠ᠂ ᠪᠣᠭᠤᠮᠲᠠ ᠨᠢ ᠵᠥᠪᠬᠡᠨ ᠭᠠᠳᠠᠭᠠᠳᠤ ᠠᠴᠠ ᠣᠷᠣᠭᠤᠯᠬᠤ ᠪᠠᠷᠠᠭ᠎ᠠ ᠵᠢᠴᠢ ᠲᠡᠭᠡᠭᠡᠪᠦᠷᠢ ᠶᠢᠨ ᠪᠠᠭᠠᠵᠢ ᠳᠤ | ᠴᠢᠬᠤᠯᠠ ᠪᠦᠬᠦᠢ ᠠᠮᠤᠷ ᠲᠦᠪᠰᠢᠨ ᠤ ᠵᠥᠪᠰᠢᠶᠡᠷᠡᠯ ᠤᠨ ᠪᠠᠶᠢᠴᠠᠭᠠᠯᠲᠠ ᠬᠢᠪᠡᠯ ᠳᠠᠷᠤᠢ ᠲᠠᠯᠪᠢᠵᠤ ᠪᠣᠯᠣᠨ᠎ᠠ᠂ | ᠪᠣᠭᠤᠮᠲᠠ ᠪᠠᠷ ᠥᠩᠭᠡᠷᠡᠬᠦ ᠠᠵᠢᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠎ᠡ᠃ | ᠣᠶᠢᠯᠠᠭᠠᠭᠰᠠᠨ ᠢᠶᠠᠷ᠂ ᠲᠣᠰ ᠪᠠᠷᠠᠭ᠎ᠠ ᠪᠣᠯ ᠡᠷᠭᠢᠯᠳᠦᠭᠡ ᠪᠣᠷᠳᠤᠭ᠎ᠠ ᠲᠡᠵᠢᠭᠡᠬᠦ ᠮᠠᠰᠢᠨ ᠮᠥᠨ᠂ ᠪᠠᠷᠠᠭᠠᠨ ᠤ | ᠬᠦᠨᠳᠦ ᠨᠢ 7702 ᠺᠢᠯᠣᠭ᠍ᠷᠠᠮ᠂ ᠪᠠᠷᠠᠭᠠᠨ ᠤ ᠥᠷᠲᠡᠭ ᠨᠢ 159 ᠲᠦᠮᠡᠨ ᠲᠥᠭᠦᠷᠢᠭ ᠪᠣᠯᠣᠨ᠎ᠠ᠃ ᠲᠤᠰ | ᠪᠠᠷᠠᠭ᠎ᠠ ᠨᠢ ᠡᠷᠢᠶᠡᠨ ᠪᠣᠭᠤᠮᠲᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠨᠡᠪᠲᠡᠷᠡᠭᠰᠡᠨ ᠠᠴᠠ | ᠨᠠᠰᠢᠬᠢ ᠠᠩᠬᠠᠳᠠᠭᠴᠢ ᠬᠢᠯᠢ ᠪᠠᠷ ᠲᠦᠷᠭᠡᠨ ᠨᠡᠪᠲᠡᠷᠡᠬᠦ ᠲᠤᠬᠠᠶᠢᠯᠠᠭᠰᠠᠨ ᠠᠵᠢᠯ ᠪᠠᠶᠢᠵᠤ᠂ ᠡᠷᠢᠶᠡᠨ ᠪᠣᠭᠤᠮᠲᠠ ᠳᠠᠬᠢ | ᠡᠨᠡᠬᠦ ᠲᠤᠬᠠᠶᠢᠯᠠᠭᠰᠠᠨ ᠠᠵᠢᠯ ᠤᠨ ᠬᠤᠭᠤᠰᠤᠨ ᠢ ᠨᠥᠬᠦᠪᠦᠷᠢᠯᠡᠵᠡᠢ᠃ | ︽ᠲᠡᠮᠦᠷ ᠵᠠᠮ ᠤᠨ ᠬᠢᠯᠢ ᠪᠠᠷ ᠣᠷᠣᠭᠤᠯᠵᠤ ᠭᠠᠷᠭᠠᠬᠤ ᠪᠣᠭᠤᠮᠲᠠ ᠪᠠᠷ ᠲᠦᠷᠭᠡᠨ ᠥᠩᠭᠡᠷᠡᠬᠦ︾ | ᠲᠤᠬᠠᠶᠢᠯᠠᠭᠰᠠᠨ ᠠᠵᠢᠯ ᠢ ᠬᠡᠷᠡᠭᠵᠢᠭᠦᠯᠦᠭᠰᠡᠨ ᠨᠢ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠭᠤᠶᠤᠴᠢᠯᠠᠬᠤ | ᠭᠤᠭᠴᠤᠭ᠎ᠠ ᠶᠢ ᠠᠷᠪᠢᠯᠠᠭᠰᠠᠨ ᠢᠶᠠᠷ ᠪᠠᠷᠠᠬᠤ ᠦᠭᠡᠢ᠂ ᠪᠠᠰᠠ ᠪᠣᠭᠤᠮᠲᠠ ᠪᠠᠷ ᠥᠩᠭᠡᠷᠡᠬᠦ ᠶᠠᠪᠣᠴᠠ ᠶᠢ | ᠳᠦᠬᠦᠮᠴᠢᠯᠠᠵᠦ᠂ ᠪᠦᠬᠦᠨ ᠢ ᠬᠠᠭᠤᠳᠠᠰᠤ ᠶᠢᠨ ᠰᠢᠰᠲ᠋ᠧᠮ ᠳᠤ ᠲᠦᠰᠢᠭᠯᠡᠨ ᠳᠣᠲᠣᠭᠠᠳᠤ ᠬᠠᠭᠤᠷᠠᠢ ᠶᠢᠨ | ᠪᠣᠭᠤᠮᠲᠠ ᠳᠤ ᠰᠢᠯᠵᠢᠭᠦᠯᠦᠨ ᠭᠦᠢᠴᠡᠳᠬᠡᠭᠦᠯᠵᠦ᠂ ᠪᠠᠷᠠᠭᠠᠨ ᠤ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ | ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ | |