ᠬᠦᠭᠵᠢᠯᠳᠣᠶᠠᠭ᠎ᠠ ᠭᠠᠴᠠᠭ᠎ᠠ ᠨᠢ ︽  ᠬᠦᠭᠵᠢᠯ ᠤᠨ ᠵᠠᠮ︾ ᠮᠠᠯᠴᠢᠳ ᠤᠨ ᠨᠠᠭᠠᠳᠣᠮ ᠤᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2023/5/10
    5 ᠰᠠᠷ᠎ᠠ ᠶᠢᠨ 7 ᠤ ᠡᠳᠤᠷ᠂ ᠬᠤᠳᠠ ᠶᠢᠨ ᠬᠡᠷᠡᠯᠳᠦᠠᠣᠳᠦ ᠰᠤᠮᠤᠨ ᠤ ᠬᠦᠭᠵᠢᠯᠳᠤᠶᠠᠭ᠎ᠠ ᠭᠠᠴᠠᠭ᠎ᠠ ︽ᠬᠦᠭᠵᠢᠯ  ᠤᠨ ᠮᠦᠷ︾ ᠮᠠᠯᠴᠢᠳ ᠤᠨ ᠨᠠᠭᠠᠳᠤᠮ ᠤᠨ ᠨᠠᠶᠢᠷ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠾᠧᠦ ᠶᠠᠨ ᠮᠢᠨ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠤᠯᠠᠭᠠᠨ ᠮᠠᠯᠴᠢᠳ ᠲᠠᠢ ᠬᠠᠮᠲᠤ ᠨᠠᠭᠠᠳᠤᠮ ᠤᠨ ᠨᠠᠶᠢᠷ ᠲᠤ ᠣᠷᠣᠯᠴᠠᠪᠠ᠃
   ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠭᠤᠶᠤᠭᠰᠠᠨ ᠮᠠᠯᠴᠢᠳ ᠲᠦᠷᠪᠡᠨ ᠵᠦᠭ ᠨᠠᠢᠮᠠᠨ ᠵᠣᠪᠬᠢᠰ ᠠᠴᠠ ᠴᠣᠭᠯᠠᠷᠠᠨ ᠢᠷᠡᠵᠦ᠂ ᠨᠠᠶᠢᠷ ᠤᠨ ᠲᠠᠯᠠᠪᠠᠢ ᠪᠠᠶᠠᠷ ᠬᠦᠷ ᠢᠶᠠᠷ ᠪᠢᠯᠬᠠᠪᠠ᠃ ᠨᠠᠭᠠᠳᠤᠮ ᠤᠨ ᠨᠠᠶᠢᠷ ᠨᠢ ᠭᠠᠴᠠᠭᠠᠨ ᠤ ᠵᠠᠯᠠᠭᠤᠴᠤᠳ ᠤᠨ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠪᠠᠷ ᠬᠦᠰᠢᠭᠡ ᠪᠠᠨ ᠰᠡᠬᠦᠪᠡ᠃    ᠳᠠᠷᠠᠭ᠎ᠠ ᠨᠢ᠂ ᠪᠥᠬᠡ ᠪᠠᠷᠢᠯᠳᠤᠬᠤ᠂ ᠮᠣᠷᠢ ᠤᠷᠤᠯᠳᠤᠬᠤ ᠵᠡᠷᠭᠡ ᠦᠨᠳᠦᠰᠦᠲᠡᠨ ᠤ ᠣᠨᠴᠠᠯᠢᠭ ᠲᠠᠢ ᠪᠡᠶ᠎ᠡ ᠲᠠᠮᠢᠷ ᠤᠨ ᠤᠷᠤᠯᠳᠤᠭᠠᠨ ᠵᠠᠯᠭᠠᠭ᠎ᠠ ᠪᠠᠷ ᠶᠠᠪᠤᠭᠳᠠᠪᠠ᠃ ᠲᠤᠰ ᠤᠳᠠᠭᠠᠨ ᠤ ᠨᠠᠭᠠᠳᠤᠮ ᠤᠨ ᠨᠠᠶᠢᠷ ᠨᠢ ᠨᠢᠭᠡ ᠡᠳᠦᠷ ᠤᠨ ᠬᠤᠭᠤᠴᠠᠭ᠎ᠠ ᠲᠠᠢ ᠶᠠᠪᠣᠭᠳᠠᠵᠦ᠂ ᠮᠣᠷᠢ ᠤᠷᠤᠯᠳᠤᠬᠤ᠂ ᠪᠦᠬᠡ ᠪᠠᠷᠢᠯᠳᠤᠬᠤ᠂ ᠡᠯᠡᠰᠦᠨ ᠳᠤ ᠬᠦᠶᠦᠬᠦ᠂ ᠠᠷᠭᠠᠯ ᠲᠡᠭᠦᠬᠦ᠂ ᠱᠠᠭ᠎ᠠ ᠳᠣᠭᠯᠠᠬᠤ ᠵᠡᠷᠭᠡ ᠤᠷᠤᠯᠳᠤᠭᠠᠨ ᠤ ᠲᠦᠷᠦᠯ ᠵᠦᠢᠯ ᠲᠤᠬᠢᠷᠠᠭᠤᠯᠵᠠᠢ᠃
   ᠣᠷᠣᠯᠳᠣᠭᠠᠨ ᠤ ᠲᠠᠯᠠᠪᠤᠷ ᠲᠤ ᠣᠷᠣᠯᠴᠠᠭᠰᠠᠳ ᠥᠪᠡᠷ ᠥᠪᠡᠷ ᠤᠨ ᠠᠪᠢᠶᠠᠰ ᠴᠢᠳᠠᠪᠤᠷᠢ ᠪᠠᠨ ᠢᠯᠡᠷᠡᠭᠦᠯᠵᠦ᠂ ᠭᠠᠴᠠᠭᠠᠨ ᠤ ᠮᠠᠯᠴᠢᠳ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ᠂ ᠡᠷᠡᠯᠬᠡᠭᠯᠡᠨ ᠲᠡᠮᠡᠴᠡᠬᠦ ᠵᠢᠪᠬᠤᠭᠠᠯᠢᠭ ᠳᠦᠷᠰᠦ ᠪᠠᠶᠢᠳᠠᠯ ᠢ ᠭᠦᠢᠴᠡᠳ ᠢᠯᠡᠷᠡᠭᠦᠯᠵᠦ᠂  ᠮᠠᠯᠴᠢᠨ ᠲᠦᠮᠡᠨ ᠤ ᠪᠢᠷ᠎ᠠ ᠴᠢᠳᠠᠯ ᠣᠶᠣᠨ ᠣᠬᠠᠭᠠᠨ ᠢ ᠵᠡᠷᠭᠡ ᠪᠠᠷ ᠰᠣᠷᠢᠭᠰᠠᠨ ᠷᠢᠳᠢ ᠰᠢᠳᠢ ᠲᠠᠢ ᠰᠠᠶᠢᠬᠠᠨ ᠨᠠᠶᠢᠷ ᠪᠣᠯᠣᠭᠰᠠᠨ ᠪᠠᠶᠢᠨ᠎ᠠ᠃
   ᠠᠵᠢᠯᠯᠠᠭ᠎ᠠ ᠶᠢᠨ ᠳᠤᠮᠳᠠ᠂ ᠬᠤᠲᠠ ᠶᠢᠨ ᠤᠳᠤᠷᠢᠳᠤᠯᠭ᠎ᠠ ᠠᠴᠠ ᠬᠤᠲᠠ ᠶᠢᠨ ᠨᠠᠮ ᠤᠨ ᠬᠤᠷᠢᠶ᠎ᠠ  ᠵᠠᠰᠠᠭ ᠤᠨ ᠣᠷᠳᠣᠨ ᠢ ᠲᠥᠯᠥᠭᠡᠯᠡᠨ ᠭᠠᠴᠠᠭᠠᠨ ᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠠ ︽ᠤᠯᠤᠰ ᠤᠨ ᠬᠡᠤᠬᠡᠳ︾ ᠤᠨ ᠳᠦᠯᠦᠭᠡᠯᠡᠭᠴᠢ ᠶᠢ ᠲᠣᠬᠤᠨᠢᠭᠤᠯᠤᠭᠰᠠᠨ ᠪᠥᠭᠡᠳ ᠭᠠᠴᠠᠭᠠᠨ ᠤ ᠬᠥᠬᠢᠭᠦᠯᠦᠯ ᠭᠥᠷᠳᠡᠭᠰᠡᠨ ᠴᠠᠭ ᠦᠶ᠎ᠡ ᠶᠢᠨ ᠬᠤᠰᠢᠭᠤᠴᠢ ᠮᠠᠯᠴᠢᠨ ᠡᠷᠦᠬᠡ᠂  ︽ᠬᠠᠮᠤᠭ ᠤᠨ ᠪᠠᠭ᠋ᠠᠷᠬᠠᠯᠳᠦ ᠠᠷᠢᠭᠤᠨ ᠴᠡᠪᠡᠷᠴᠢ ᠬᠡᠷ ᠪᠦᠯᠢ︾᠂ ᠭᠠᠴᠠᠭᠠᠨ ᠤ ᠰᠢᠯᠢᠳᠡᠭ ᠵᠠᠯᠠᠭᠤᠴᠤᠳ᠂ ︽3 · 8︾ ᠤ ᠤᠯᠠᠭᠠᠨ ᠲᠤᠭᠴᠢ ᠳᠤ ᠱᠠᠩᠨᠠᠯ ᠭᠠᠷᠳᠠᠭᠤᠯᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号