ᠰᠠᠶᠢᠬᠤᠰᠤ ᠭᠠᠴᠠᠭ᠎ᠠ᠄  ᠨᠣᠭᠤᠭ᠎ᠠ ᠳᠠᠷᠢᠬᠤ ᠶᠠᠭᠠᠷᠠᠯᠳᠠᠢ ᠠᠵᠢᠯ ᠡᠬᠢᠯᠡᠯ᠎ᠡ
ᠨᠡᠶᠢᠲᠡᠯᠡᠭᠰᠡᠨ ᠴᠠᠭ᠄
2023/5/11
         ᠡᠷᠢᠶᠡᠨ ᠬᠤᠲᠠ ᠶᠢᠨ  ᠭᠡᠷᠡᠯᠳᠦᠠᠣᠳᠦ ᠰᠤᠮᠤᠨ ᠤ ᠰᠠᠶᠢᠬᠤᠰᠤ ᠭᠠᠴᠠᠭᠠᠨ ᠤ ᠲᠠᠷᠢᠶᠠᠴᠢᠳ ᠣᠨᠴᠠᠭᠠᠶ ᠶᠠᠭᠠᠷᠠᠯᠲᠠᠶ ᠠᠵᠢᠯᠯᠠᠵᠤ᠂ ᠲᠠᠷᠢᠶᠠᠯᠠᠭ᠎ᠠ ᠶᠢᠨ ᠴᠠᠭ ᠢ ᠠᠮᠵᠢᠨ᠂ ᠰᠢᠷᠣᠶ ᠨᠡᠮᠡᠵᠦ᠂ ᠴᠢᠬᠢ ᠮᠣᠳᠣ ᠪᠤᠶᠢᠵᠢᠭᠤᠯᠵᠤ᠂ ᠬᠠᠪᠤᠷ ᠤᠨ ᠲᠠᠷᠢᠶᠠᠯᠠᠭ᠎ᠠ ᠶᠢ ᠱᠠᠯᠠᠪᠳᠠᠨ ᠲᠠᠷᠢᠪᠠ᠃ ᠰᠠᠷ᠎ᠠ ᠭᠠᠷᠤᠢ ᠶᠢᠨ ᠨᠠᠷᠢᠨ ᠨᠢᠮᠪᠠᠢ ᠲᠠᠷᠢᠵᠤ ᠤᠷᠭᠤᠭᠤᠯᠬᠤ ᠪᠠᠷ ᠳᠡᠮᠵᠢᠨ᠂ ᠬᠦᠯᠡᠮᠵᠢ ᠶᠢᠨ ᠬᠦᠷᠢᠶᠡᠯᠡᠩ ᠤᠨ ᠳᠣᠲᠣᠷᠠᠬᠢ ᠵᠢᠮᠢᠰ ᠢᠳᠡᠰᠢᠨ ᠨᠣᠭᠤᠭ᠎ᠠ ᠶᠢᠨ ᠴᠢᠬᠢ ᠶᠢᠨ ᠤᠷᠭᠤᠴᠠ ᠲᠦᠷᠭᠡᠨ ᠪᠠᠶᠢᠵᠤ᠂ ᠰᠠᠯᠠᠭ᠎ᠠ ᠨᠠᠮᠠᠭ᠎ᠠ ᠨᠢ ᠢᠭᠴᠤ ᠰᠠᠬᠤᠯᠢᠭ ᠪᠣᠯᠪᠠ᠃    ᠵᠢᠶᠠᠩ ᠰᠢᠶᠣᠣ ᠭᠤᠸᠠᠩ ᠤᠨ ᠢᠳᠡᠱᠢᠨ ᠨᠣᠭᠤᠭ᠎ᠠ ᠶᠢᠨ ᠫᠧᠩ ᠰᠠᠷ᠎ᠠ ᠪᠦᠷᠢ ᠰᠢᠨ᠎ᠡ ᠰᠣᠷᠭᠤᠭ ᠵᠢᠮᠢᠰ ᠨᠣᠭᠤᠭ᠎ᠠ ᠵᠠᠬ᠎ᠠ ᠳᠡᠯᠭᠡᠭᠦᠷ ᠲᠤ ᠭᠠᠷᠭᠠᠨ᠎ᠠ᠃ ᠣᠳᠣᠬᠠᠨ ᠳᠤ ᠨᠣᠭᠤᠭᠠᠨ ᠥᠷᠭᠡᠰᠦᠲᠦ ᠬᠡᠮᠬᠡ ᠰᠠᠯᠠᠭ᠎ᠠ ᠨᠠᠮᠠᠭ᠎ᠠ ᠪᠠᠷ ᠳᠦᠭᠦᠷᠴᠦ᠂ ᠲᠣᠰᠣᠯᠢᠭ ᠨᠤᠭᠤᠭ᠎ᠠ ᠪᠠ ᠰᠢᠯᠢᠮᠳᠡᠭ ᠲᠠᠷᠢᠶᠠᠨ ᠭᠠᠵᠠᠷ ᠢᠶᠠᠷ ᠳᠦᠭᠦᠷᠴᠡᠢ᠃ ᠢᠳᠡᠰᠢᠨ ᠨᠣᠭᠤᠭ᠎ᠠ ᠶᠢᠨ ᠴᠢᠬᠢ ᠶᠢᠨ ᠶᠠᠰᠤ ᠴᠢᠨᠠᠷ ᠢ ᠪᠠᠲᠤᠯᠠᠬᠤ ᠶᠢᠨ ᠳᠣᠯᠠᠳᠠ᠂ ᠵᠢᠶᠠᠩ ᠰᠢᠶᠤᠤ ᠭᠤᠸᠠᠩ ᠴᠢᠬᠢ ᠪᠤᠶᠢᠵᠢᠭᠤᠯᠵᠤ ᠲᠠᠷᠢᠬᠤ ᠳᠠᠭᠠᠨ ᠮᠠᠰᠢ ᠨᠠᠷᠢᠨ ᠨᠢᠮᠪᠠᠶ ᠪᠠᠶᠢᠵᠤ᠂ ᠤᠰᠤᠨ ᠤ ᠬᠠᠮᠢᠶᠠᠷᠤᠯᠲᠠ᠂ ᠳᠤᠯᠠᠭᠠᠨ ᠤ ᠬᠡᠮᠵᠢᠶᠡᠨ ᠤ ᠡᠵᠡᠮᠳᠡᠯ᠂ ᠴᠢᠬᠢ ᠶᠢᠨ ᠬᠤᠭᠤᠴᠠᠭᠠᠨ ᠤ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢ ᠴᠥᠮ ᠴᠢᠩᠭ᠎ᠠ ᠡᠵᠡᠮᠳᠡᠵᠦ᠂ ᠣᠷᠢᠶᠠᠩᠭᠤ ᠰᠠᠯᠠᠭ᠎ᠠ ᠡᠯᠭᠦᠭᠰᠡᠨ ᠲᠡᠷᠡ ᠵᠢᠮᠢᠰ ᠢ ᠨᠠᠷᠢᠨ ᠨᠢᠮᠪᠠᠶ ᠬᠠᠮᠠᠭᠠᠯᠠᠵᠤ ᠪᠠᠶᠢᠳᠠᠭ᠃ ᠡᠨᠡ ᠵᠢᠯ ᠵᠢᠶᠠᠩ ᠰᠢᠶᠤᠤ ᠭᠤᠸᠠᠩ ᠪᠠᠰᠠ ᠡᠯ᠎ᠡ ᠭᠠᠵᠠᠷ ᠠᠴᠠ ᠪᠠᠨ ︽ᠦᠷ᠎ᠡ ᠡᠷᠢᠵᠦ︾᠂ ᠰᠢᠨ᠎ᠡ ᠪᠠᠷ ᠲᠥᠪᠡᠳ ᠬᠠᠰᠢ᠂ ᠠᠷᠢᠭᠤᠨ ᠥᠬᠢᠨ ᠵᠢᠮᠢᠰ᠂ ᠨᠣᠭᠤᠭᠠᠨ ᠲᠥᠪᠡᠳ ᠬᠠᠰᠢ ᠵᠡᠷᠭᠡ ᠵᠢᠮᠢᠰ ᠨᠣᠭᠤᠭ᠎ᠠ ᠶᠢ ᠣᠷᠣᠭᠤᠯᠤᠨ ᠠᠪᠴᠢᠷᠠᠵᠤ᠂ ᠲᠠᠷᠢᠮᠠᠯ ᠤᠨ ᠲᠦᠷᠦᠯ ᠵᠦᠢᠯ ᠢ ᠪᠠᠶᠠᠯᠢᠭᠵᠢᠭᠤᠯᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢᠨ ᠵᠠᠮ ᠢ ᠥᠷᠭᠡᠳᠬᠡᠪᠡ᠃    ᠵᠢᠶᠠᠩ ᠰᠢᠶᠤᠤ ᠭᠤᠸᠠᠩ ᠤᠤᠯ ᠳᠤ ᠪᠠᠨ 8 ᠬᠦᠯᠡᠮᠵᠢ ᠲᠠᠢ ᠪᠠᠶᠢᠵᠤ᠂ ᠡᠨᠡ ᠵᠢᠯ ᠪᠠᠰᠠ 2 ᠬᠦᠯᠡᠮᠵᠢ ᠶᠢ ᠥᠷᠭᠡᠳᠬᠡᠵᠦ᠂ ᠲᠠᠷᠢᠵᠤ ᠪᠠᠶᠢᠭᠰᠠᠨ ᠰᠢᠨ᠎ᠡ ᠡᠭᠦᠯᠳᠡᠷ ᠢ ᠣᠷᠣᠭᠤᠯᠪᠠ᠃ ᠵᠢᠶᠠᠩ ᠰᠢᠶᠤᠤ ᠭᠤᠸᠠᠩ ᠰᠤᠷᠪᠤᠯᠵᠢᠯᠠᠭᠴᠢ ᠳᠤ ᠬᠠᠮᠤᠭ ᠤᠨ ᠠᠮᠲᠠᠲᠠᠢ ᠵᠢᠮᠢᠰ ᠨᠣᠭᠤᠭ᠎ᠠ ᠲᠠᠷᠢᠬᠤ ᠭᠡᠪᠡᠯ ᠡᠷᠬᠡᠪᠰᠢ ᠨᠠᠷᠢᠯᠢᠭ ᠲᠠᠷᠢᠵᠤ ᠨᠢᠮᠪᠠᠢ ᠪᠤᠶᠢᠵᠢᠭᠤᠯᠬᠤ ᠬᠡᠷᠡᠭᠲᠡᠢ᠃ ᠰᠢᠨ᠎ᠡ ᠪᠠᠷ ᠣᠷᠣᠭᠤᠯᠤᠭᠰᠠᠨ ᠵᠢᠮᠢᠰ ᠨᠣᠭᠤᠭ᠎ᠠ ᠪᠣᠯᠤᠨ ᠡᠩ ᠤᠨ ᠢᠳᠡᠰᠢᠨ ᠨᠣᠭᠤᠭ᠎ᠠ ᠲᠠᠷᠢᠬᠤ ᠱᠠᠭᠠᠷᠳᠠᠯᠭ᠎ᠠ ᠨᠢ ᠠᠳᠠᠯᠢ ᠦᠭᠡᠢ᠂ ᠠᠷᠢᠭᠤᠨ ᠥᠬᠢᠨ ᠵᠢᠮᠢᠰ ᠲᠠᠷᠢᠬᠤ ᠠᠴᠠ ᠪᠣᠯᠪᠠᠰᠣᠷᠠᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠶᠢ ᠴᠢᠩᠭ᠎ᠠ ᠠᠳᠬᠤᠵᠤ᠂ ᠨᠠᠷᠢᠯᠢᠭ ᠬᠠᠮᠢᠶᠠᠷᠴᠤ᠂ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠠᠯᠢ ᠨᠢ ᠳᠤᠲᠠᠭᠳᠠᠭᠰᠠᠨ ᠴᠤ ᠴᠥᠮ ᠠᠰᠠᠭᠤᠳᠠᠯ ᠭᠠᠷᠬᠤ ᠪᠣᠯᠤᠨ᠎ᠠ᠃ ᠲᠡᠷᠡ ᠲᠠᠰᠤᠷᠠᠯᠲᠠ ᠦᠭᠡᠢ ᠰᠦᠪᠡᠭᠴᠢᠯᠡᠬᠦ ᠶᠢ ᠰᠤᠷᠴᠤ᠂ ᠲᠠᠷᠢᠶᠠᠴᠢᠨ ᠪᠣᠷᠳᠣᠭᠤᠷ ᠬᠡᠷᠡᠭᠯᠡᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠡᠳᠦᠷ ᠪᠦᠷᠢ ᠡᠷᠲᠡ ᠠᠴᠠ ᠣᠷᠣᠢ ᠪᠣᠯᠲᠠᠯ᠎ᠠ ᠬᠦᠯᠡᠮᠵᠢ ᠳᠤ ᠶᠠᠭᠠᠷᠠᠯᠳᠤᠨ᠎ᠠ᠃ ᠣᠳᠣᠬᠠᠨ ᠳᠤ ᠰᠢᠨ᠎ᠡ ᠡᠭᠦᠯᠳᠡᠷ ᠢ ᠵᠠᠬ᠎ᠠ ᠳᠡᠯᠭᠡᠭᠦᠷ ᠲᠤ ᠭᠠᠷᠭᠠᠬᠤ ᠴᠠᠭ ᠪᠠᠰᠠ ᠵᠠᠷᠢᠮ ᠴᠠᠭ ᠪᠠᠶᠢᠵᠤ᠂ ᠵᠢᠶᠠᠩ ᠰᠢᠶᠤᠤ ᠭᠤᠸᠠᠩ ᠬᠦᠰᠡᠯ ᠳᠦᠭᠦᠷᠡᠩ ᠪᠠᠶᠢᠨ᠎ᠠ᠃    ᠠᠮᠢᠳᠤᠷᠠᠯ ᠤᠨ ᠬᠢᠷᠢ ᠲᠦᠪᠰᠢᠨ ᠤ ᠲᠠᠰᠤᠷᠠᠯᠲᠠ ᠦᠭᠡᠢ ᠳᠡᠭᠡᠭᠰᠢᠯᠡᠬᠦ ᠶᠢ ᠳᠠᠭᠠᠯᠳᠤᠨ᠂ ᠬᠥᠮᠦᠰ ᠢᠳᠡᠰᠢᠨ ᠨᠣᠭᠤᠭ᠎ᠠ ᠵᠢᠮᠢᠰ ᠤᠨ ᠬᠡᠷᠡᠭᠴᠡᠭᠡ ᠴᠦ ᠨᠠᠩ ᠣᠯᠠᠨ ᠶᠠᠩᠵᠤ ᠶᠢᠨ ᠪᠣᠯᠪᠠ᠃ ᠡᠨᠡ ᠵᠢᠯ᠂ ᠰᠠᠶᠢᠬᠤᠰᠤ ᠭᠠᠴᠠᠭᠠᠨ ᠤ ᠨᠣᠭᠤᠭ᠎ᠠ ᠶᠢᠨ ᠲᠠᠷᠢᠶᠠᠴᠢᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠢ ᠵᠣᠬᠢᠴᠠᠭᠤᠯᠵᠤ᠂ ᠰᠡᠳᠬᠢᠴᠡ ᠪᠠᠨ ᠬᠤᠪᠢᠷᠠᠭᠤᠯᠵᠤ᠂ ᠰᠢᠨ᠎ᠡ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠪᠣᠬᠢᠷᠲᠤᠯ ᠦᠭᠡᠢ ᠢᠳᠡᠰᠢᠨ ᠨᠣᠭᠤᠭ᠎ᠠ ᠶᠢᠨ ᠲᠠᠷᠢᠮᠠᠯ ᠤᠨ ᠪᠦᠲᠦᠴᠡ ᠳᠤ ᠴᠠᠭ ᠲᠤᠨᠢ ᠲᠣᠬᠢᠷᠠᠭᠤᠯᠤᠯᠲᠠ ᠬᠢᠵᠦ᠂ ᠤᠯᠠᠨ ᠲᠦᠮᠡᠨ ᠤ ︽ᠬᠤᠯᠢᠰᠢᠨ ᠢᠳᠡᠭᠡᠨ︾ ᠢ ᠪᠠᠶᠠᠯᠢᠭᠵᠢᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠪᠡ᠃
 
ᠢᠷᠡᠯᠲᠡ᠄ ᠡᠷᠢᠶᠡᠨ ᠬᠤᠲᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号