ᠡᠨᠡ ᠵᠢᠯ ᠤᠨ ᠲᠦᠷᠦᠭᠦᠤ 4 ᠰᠠᠷ᠎ᠠ ᠳᠤ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠥᠷᠲᠡᠭ ᠠᠳᠠᠯᠢ ᠬᠤᠭᠤᠴᠠᠭᠠᠨ ᠤ ᠬᠢ ᠠᠴᠠ ᠨᠢᠭᠡ ᠳᠠᠬᠢᠨ ᠨᠡᠮᠡᠭᠳᠡᠪᠡ
ᠨᠡᠶᠢᠲᠡᠯᠡᠭᠰᠡᠨ ᠴᠠᠭ᠄
2023/5/15
    ᠡᠨᠡ ᠵᠢᠯ ᠤᠨ ᠲᠦᠷᠦᠭᠦᠦ 4 ᠰᠠᠷ᠎ᠠ ᠳᠤ᠂ ᠡᠷᠢᠶᠡᠨ ᠬᠤᠲᠠ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠥᠷᠲᠡᠭ 129.77 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 105.3% ᠪᠠᠷ ᠨᠡᠮᠡᠭᠳᠡᠵᠦ᠂ ᠨᠡᠮᠡᠭᠳᠡᠯ ᠨᠢ ᠨᠢᠭᠡ ᠳᠠᠬᠢᠨ ᠠᠴᠠ ᠳᠠᠪᠠᠵᠠᠢ᠃ ᠡᠭᠦᠨ ᠳᠤ ᠂ ᠭᠠᠳᠠᠭᠠᠳᠤ ᠣᠷᠣᠭᠤᠯᠤᠯᠲᠠ 78.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 107.4% ᠪᠠᠷ ᠨᠡᠮᠡᠭᠳᠡᠨ᠂ ᠭᠠᠳᠠᠭᠠᠳᠤ ᠭᠠᠷᠭᠠᠯᠲᠠ 50.86 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 102.2% ᠢᠶᠠᠷ ᠨᠡᠮᠡᠭᠳᠡᠪᠡ᠃
    ᠡᠨᠡ ᠵᠢᠯ ᠠᠴᠠ ᠨᠠᠰᠢ᠂ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠴᠢᠳᠠᠪᠤᠷᠢ ᠡᠮᠬᠢ ᠵᠢᠷᠤᠮ ᠲᠠᠢ ᠰᠡᠷᠭᠦᠵᠦ᠂ ᠵᠡᠰ ᠤᠨ ᠬᠦᠳᠡᠷ ᠤᠨ ᠬᠠᠶᠢᠷ᠂ ᠨᠡᠭᠦᠷᠡᠰᠦ᠂ ᠴᠠᠭᠠᠰᠤᠨ ᠡᠭᠡᠳᠡᠩ᠂ ᠲᠡᠮᠦᠷ ᠤᠨ ᠠᠭᠤᠷᠬᠠᠶ ᠵᠡᠷᠭᠡ ᠶᠡᠭᠡ ᠬᠡᠮᠵᠢᠶᠡᠨ ᠤ ᠲᠠᠸᠠᠷ ᠴᠥᠮ ᠨᠡᠮᠡᠭᠳᠡᠬᠦ ᠪᠠᠶᠢᠳᠠᠯ ᠢᠯᠡᠷᠡᠵᠦ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠥᠷᠲᠡᠭ ᠳᠠᠬᠢᠨ ᠢᠶᠠᠷ ᠨᠡᠮᠡᠭᠳᠡᠬᠦ ᠬᠠᠨᠳᠤᠰᠢ ᠲᠠᠢ ᠪᠣᠯᠪᠠ᠃
     ᠡᠷᠢᠶᠡᠨ ᠭᠠᠶᠢᠯᠢ ᠶᠢᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠰᠠᠯᠠᠭᠠᠨ ᠤ ᠱᠢ ᠬᠤᠩ ᠸᠧᠶ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠮᠡᠳᠡᠭᠦᠯᠦᠯᠲᠡ ᠶᠢ ᠵᠢᠷᠤᠮᠵᠢᠭᠤᠯᠤᠨ ᠮᠡᠳᠡᠭᠦᠯᠬᠦ ᠶᠢ ᠬᠥᠲᠥᠯᠦᠨ ᠵᠢᠯᠣᠭᠤᠳᠴᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠭᠤᠮᠲᠠ ᠶᠢᠨ ᠥᠷᠭᠡᠨ ᠣᠯᠠᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠵᠤ ᠠᠬᠤᠶᠢᠯᠠᠯ ᠳᠤ ᠦᠨᠡᠨ ᠪᠣᠳᠠᠲᠠᠶ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠬᠦᠷᠲᠡᠭᠡᠵᠦ᠂ ᠪᠣᠭᠤᠮᠲᠠ ᠶᠢᠨ ᠤᠯᠠᠮ ᠨᠢᠭᠡ ᠠᠯᠬᠤᠮ ᠬᠥᠭᠵᠢᠬᠦ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃     ᠪᠣᠭᠤᠮᠲᠠ ᠪᠠᠷ ᠥᠩᠭᠡᠷᠡᠬᠦ ᠳᠤ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ ᠳᠤ ᠬᠦᠴᠦᠨ ᠨᠡᠮᠡᠷᠢᠯᠡᠵᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ  ᠳᠣᠯᠠᠳᠠ᠂ ᠪᠣᠭᠤᠮᠲᠠ ᠶᠢᠨ ᠬᠠᠮᠲᠤᠷᠠᠨ ᠪᠠᠶᠢᠴᠠᠭᠠᠵᠤ ᠲᠡᠭᠡᠭᠡᠪᠦᠷᠢᠯᠡᠬᠦ ᠰᠠᠯᠠᠭ᠎ᠠ ᠮᠥᠴᠢᠷ ᠤᠳ ᠲᠣᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠠᠴᠠ ᠡᠭᠦᠰᠴᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠠᠴᠠ ᠣᠷᠣᠭᠤᠯᠵᠤ ᠭᠠᠷᠭᠠᠬᠤ ᠠᠵᠤ ᠠᠬᠤᠶᠢᠯᠠᠯ ᠤᠨ ᠳᠥᠭᠦᠮ ᠳᠥᠲᠡ ᠪᠥᠭᠡᠳ ᠰᠠᠭᠠᠳ ᠥᠬᠡᠶ ᠥᠩᠭᠡᠷᠡᠬᠦ ᠶᠢ ᠭᠦᠢᠴᠡᠳ ᠪᠠᠲᠤᠯᠠᠵᠤ᠂ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠷᠭᠠᠬᠤ ᠠᠷᠠᠯᠵᠢᠶᠠᠨ ᠤ ᠲᠤᠭ᠎ᠠ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠢᠯᠡᠷᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号