ᠡᠷᠢᠶᠡᠨ ᠬᠤᠲᠠ ᠶᠢᠨ ᠡᠷᠳᠡᠨᠢᠭᠤᠪᠢ ᠭᠠᠴᠠᠭᠠᠨ ᠤ ᠬᠤᠪᠢᠴᠠᠭᠠᠳᠦ ᠠᠵᠤ ᠠᠬᠤᠶ ᠶᠢᠨ ᠬᠤᠷᠰᠢᠶᠠᠵᠢᠯ ᠨᠢ ᠬᠤᠪᠢ ᠣᠷᠣᠭᠤᠯᠤᠭᠴᠢᠳ ᠲᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2023/5/16
     5 ᠰᠠᠷ᠎ᠠ ᠶᠢᠨ 13 ᠤ ᠡᠳᠦᠷ᠂ ᠡᠷᠢᠶᠡᠨ ᠬᠤᠲᠠ ᠶᠢᠨ ᠡᠷᠳᠡᠨᠢᠭᠤᠪᠢ ᠭᠠᠴᠠᠭᠠᠨ ᠤ ᠬᠤᠪᠢᠴᠠᠭᠠᠳᠦ ᠠᠵᠤ ᠠᠬᠤᠶ ᠶᠢᠨ ᠬᠤᠷᠰᠢᠶᠠᠵᠢᠯ ᠤᠨ ᠬᠤᠶᠠᠳᠤᠭᠠᠷ ᠤᠳᠠᠭᠠᠨ ᠤ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠶᠡᠭᠡ ᠬᠤᠷᠠᠯ  ᠬᠤᠷᠠᠯᠳᠣᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ ᠶᠠᠩ ᠶᠢᠨ ᠷᠦᠢ᠂  ᠬᠤᠲᠠ ᠶᠢᠨ ᠳᠡᠳ᠋ ᠳᠠᠷᠤᠭ᠎ᠠ ᠸᠠᠩ ᠳ᠋ᠦᠩ ᠱᠧᠩ ᠠᠵᠢᠯᠯᠠᠭ᠎ᠠ ᠳᠤ ᠣᠷᠣᠯᠴᠠᠪᠠ᠃    ᠲᠣᠰ ᠤᠳᠠᠭᠠᠨ ᠤ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠶᠡᠭᠡ ᠬᠤᠷᠠᠯ ᠨᠢ ᠬᠤᠷᠰᠢᠶ᠎ᠠ ᠠᠴᠠ 22 ᠲᠦᠮᠡᠨ ᠲᠥᠭᠦᠷᠢᠭ ᠤᠨ ᠬᠠᠮᠲᠤ ᠶᠢᠨ ᠪᠡᠯᠡ ᠮᠥᠩᠭᠦ ᠪᠠᠷ ᠡᠪᠡᠰᠦ ᠪᠣᠷᠳᠤᠭ᠎ᠠ ᠬᠤᠳᠠᠯᠳᠤᠨ ᠠᠪᠴᠤ᠂ ᠬᠤᠪᠢ ᠣᠷᠣᠭᠤᠯᠤᠭᠴᠢᠳ ᠲᠤ ᠬᠦᠴᠦᠨ ᠨᠡᠮᠡᠷᠢᠯᠡᠭᠰᠡᠨ ᠪᠠᠶᠢᠨ᠎ᠠ᠃
    ᠲᠤᠬᠠᠢ ᠶᠢᠨ ᠲᠠᠯᠠᠪᠠᠢ ᠳᠤ᠂ ᠬᠤᠳᠠ ᠶᠢᠨ ᠤᠳᠤᠷᠢᠳᠤᠯᠭ᠎ᠠ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠲᠤ ᠡᠪᠡᠰᠦ ᠪᠣᠷᠳᠤᠭ᠎ᠠ ᠲᠠᠷᠬᠠᠭᠠᠪᠠ᠃    ᠤᠯᠠᠭᠠᠨᠮᠥ᠋ᠴᠢᠷ ᠤᠨ ᠭᠡᠰᠢᠭᠦᠳ ᠳᠠᠭᠤᠤ᠂ ᠪᠥᠵᠢᠭ᠂ ᠯᠢᠮᠪᠦ ᠶᠢᠨ ᠭᠤᠴᠣᠯᠠᠯ ᠬᠥᠭᠵᠢᠮ ᠵᠡᠷᠭᠡ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠬᠤᠪᠢ ᠣᠷᠣᠭᠤᠯᠤᠭᠴᠢᠳ ᠤᠨ ᠠᠰᠢᠭ ᠬᠤᠪᠢᠶᠠᠬᠤ ᠶᠡᠭᠡ ᠬᠤᠷᠠᠯ ᠳᠤ ᠦᠩᠭᠡ ᠨᠡᠮᠡᠷᠢᠯᠡᠪᠡ᠃    ᠠᠵᠢᠯᠯᠠᠭ᠎ᠠ ᠶᠢᠨ ᠳᠤᠮᠳᠠ᠂ ᠡᠷᠳᠡᠨᠢᠭᠤᠪᠢ ᠭᠠᠴᠠᠭᠠᠨ ᠤ ᠨᠠᠮ ᠤᠨ ᠡᠭᠦᠷ ᠨᠢ ᠲᠣᠰ ᠲᠣᠰ ᠬᠤᠲᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ ᠤᠨ ᠨᠠᠮ ᠤᠨ ᠡᠭᠦᠷ᠂ ᠡᠪᠯᠡᠯ ᠤᠨ ᠬᠤᠷᠢᠶ᠎ᠠ ᠶᠢᠨ ᠨᠠᠮ ᠤᠨ ᠡᠭᠦᠷ᠂ ᠵᠡᠮᠳᠡᠭᠴᠦᠳ ᠤᠨ ᠬᠤᠯᠪᠣᠭ᠎ᠠ ᠶᠢᠨ ᠨᠠᠮ ᠤᠨ ᠡᠭᠦᠷ ᠲᠠᠢ ︽ᠬᠠᠮᠲᠤ ᠪᠠᠷ ᠪᠠᠶᠢᠭᠤᠯᠬᠤ ᠬᠡᠯᠡᠯᠴᠡᠭᠡᠷ ᠤᠨ ᠪᠢᠴᠢᠭ︾ ᠲᠣᠭᠲᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠬᠦᠴᠦ ᠪᠠᠨ ᠬᠠᠮᠲᠤᠳᠬᠠᠨ ᠨᠠᠮ ᠤᠨ ᠪᠠᠶᠢᠭᠤᠯᠤᠯᠲᠠ ᠶᠢᠨ ᠠᠵᠢᠯ ᠢ ᠰᠢᠯᠢᠳᠡᠭᠵᠢᠭᠦᠯᠦᠨ ᠬᠦᠴᠦᠷᠬᠡᠭᠵᠢᠭᠦᠯᠦᠭᠰᠡᠨ ᠪᠠᠶᠢᠨ᠎ᠠ᠃
   ᠠᠵᠢᠯᠯᠠᠭ᠎ᠠ ᠨᠢ ᠪᠠᠰᠠ ᠬᠦᠭᠵᠢᠯ ᠤᠨ ᠪᠡᠷᠬᠡᠰᠢᠶᠡᠯᠳᠡᠨ ᠤ ᠬᠡᠷᠡᠭᠯᠡᠭᠡᠨ ᠤ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠲᠤ ᠫᠠᠶᠢᠰᠠ ᠰᠡᠬᠦᠪᠡ᠃    ᠣᠶᠢᠯᠠᠭᠠᠭᠰᠠᠨ ᠢᠶᠠᠷ᠂ ᠡᠷᠳᠡᠨᠢᠭᠤᠪᠢ ᠭᠠᠴᠠᠭᠠᠨ ᠤ ᠬᠤᠪᠢᠴᠠᠭᠠᠳᠦ ᠠᠵᠤ ᠠᠬᠤᠶ ᠶᠢᠨ ᠬᠤᠷᠰᠢᠶᠠᠵᠢᠯ 2021 ᠣᠨ ᠤ 11 ᠳ᠋ᠦ᠋ᠭᠡᠷ ᠰᠠᠷ᠎ᠠ ᠶᠢᠨ 8 ᠤ ᠡᠳᠦᠷ ᠪᠠᠶᠢᠭᠤᠯᠤᠭᠳᠠᠭᠰᠠᠨ ᠠᠴᠠ ᠨᠠᠰᠢ᠂ ᠨᠠᠮ ᠤᠨ ᠡᠭᠦᠷ ᠬᠢᠭᠡᠳ ᠬᠠᠮᠲᠤ ᠶᠢᠨ ᠬᠤᠷᠰᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠰᠢᠨ᠎ᠡ ᠵᠠᠭᠪᠤᠷ ᠢ ᠬᠦᠴᠦᠯᠡᠨ ᠰᠦᠪᠡᠭᠴᠢᠯᠡᠵᠦ᠂ ᠭᠠᠴᠠᠭᠠᠨ ᠤ ᠨᠠᠮ ᠤᠨ ᠡᠭᠦᠷ ᠤᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠳᠤᠮᠳᠠᠬᠢ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠵᠦ᠂ ᠡᠳ᠋ ᠬᠥᠷᠥᠩᠭᠡ ᠶᠢ ᠬᠤᠪᠢ ᠣᠷᠣᠭᠤᠯᠤᠭᠰᠠᠨ ᠮᠥᠩᠭᠦ ᠪᠣᠯᠭᠠᠵᠦ᠂ ᠮᠠᠯᠴᠢᠳ ᠢ ᠬᠤᠪᠢ ᠣᠷᠣᠭᠤᠯᠤᠭᠴᠢ ᠪᠣᠯᠭᠠᠵᠦ᠂ ᠬᠠᠮᠲᠤ ᠨᠠᠶᠢᠳᠠ ᠶᠢ ᠬᠤᠪᠢ ᠶᠢᠨ ᠡᠵᠡᠨ ᠪᠣᠯᠭᠠᠭᠰᠠᠨ ᠪᠠᠶᠢᠨ᠎ᠠ᠃ ᠳᠠᠬᠢᠨ ᠨᠢᠭᠡ ᠤᠳᠠᠭᠠᠨ ᠤ ᠠᠰᠢᠭ ᠬᠤᠪᠢᠶᠠᠷᠢᠯᠠᠯᠲᠠ ᠪᠣᠯ ᠡᠷᠳᠡᠨᠢᠭᠤᠪᠢ ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠨᠢᠭᠡ ᠪᠠᠭ᠎ᠠ ᠠᠯᠬᠤᠮ ᠪᠣᠯᠬᠤ ᠪᠥᠭᠡᠳ ᠪᠠᠰᠠ ᠴᠤ ᠮᠠᠨ ᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠨᠢᠭᠡ ᠶᠡᠭᠡ ᠠᠯᠬᠤᠮ ᠪᠣᠯᠤᠨ᠎ᠠ᠃
   ᠡᠬᠡᠴᠦᠤᠯ ᠤᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠬᠤᠲᠠ ᠶᠢᠨ ᠤᠳᠤᠷᠢᠳᠤᠯᠭ᠎ᠠ ᠪᠠᠰᠠ ᠭᠠᠴᠠᠭᠠᠨ ᠤ ︽ᠲᠡᠮᠦᠷ ᠬᠡᠤᠬᠡᠨᠴᠤᠳ︾ ᠢ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ  ᠬᠠᠶᠢᠷ᠎ᠠ ᠬᠠᠯᠠᠮᠵᠢ ᠶᠢ ᠳᠠᠮᠵᠢᠭᠤᠯᠣᠨ ᠬᠦᠷᠭᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号