ᠤᠯᠠᠨ ᠰᠠᠯᠠᠭ᠎ᠠ ᠮᠥᠴᠢᠷ ᠤᠳ ᠬᠠᠮᠳᠣᠷᠠᠨ ᠠᠵᠤ ᠠᠬᠤᠢ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/16
      5 ᠰᠠᠷ᠎ᠠ ᠶᠢᠨ 15 ᠤ ᠡᠳᠦᠷ ᠪᠣᠯ ᠠᠷᠪᠠᠨ ᠳᠥᠷᠪᠡᠳᠦᠭᠡᠷ ᠪᠥᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠪᠣᠯᠤᠨ᠎ᠠ᠃ ᠲᠣᠰ ᠡᠳᠦᠷ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠷᠠᠳ ᠤᠨ ᠪᠠᠩᠬᠢ ᠶᠢᠨ ᠡᠷᠢᠶᠡᠨ ᠬᠤᠲᠠ ᠶᠢᠨ ᠰᠠᠯᠪᠤᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠡᠷᠢᠶᠡᠨ ᠬᠤᠲᠠ ᠶᠢᠨ ᠬᠤᠪᠢᠶᠠᠷᠢ ᠪᠠᠩᠬᠢ ᠵᠡᠷᠭᠡ ᠨᠢᠭᠡᠴᠡ ᠲᠠᠢ ᠬᠠᠮᠲᠤᠷᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠪᠠ ᠰᠡᠷᠭᠡᠶᠢᠯᠡᠬᠦ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠬᠡᠷᠡᠭ ᠤᠨ ᠵᠢᠱᠢᠶ᠎ᠡ ᠶᠢ ᠵᠠᠳᠠᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠳᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠨᠠᠰᠤᠲᠠᠶᠢᠴᠤᠳ᠂ ᠨᠠᠰᠤᠨ ᠳᠤ ᠥᠯᠥ ᠭᠦᠷᠦᠭᠰᠡᠳ ᠵᠡᠷᠭᠡ ᠬᠥᠮᠦᠰ ᠲᠤ ᠴᠢᠭᠯᠡᠭᠦᠯᠦᠨ ᠨᠠᠷᠢᠯᠢᠭ ᠣᠨᠣᠴᠠᠲᠠᠶ ᠪᠠᠷ ᠤᠬᠠᠭᠤᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ᠂ ᠳᠠᠮᠵᠢᠭᠤᠯᠤᠨ ᠪᠣᠷᠣᠯᠠᠭᠤᠯᠬᠤ᠂ ᠮᠡᠬᠡᠯᠡᠬᠦ ᠵᠡᠷᠭᠡ ᠦᠨᠡᠨ ᠪᠣᠳᠠᠲᠠᠶ ᠬᠡᠷᠡᠭ ᠤᠨ ᠵᠢᠱᠢᠶ᠎ᠡ ᠶᠢ ᠲᠠᠶᠢᠯᠪᠤᠷᠢᠯᠠᠬᠤ ᠪᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ ᠮᠡᠬᠡᠯᠡᠯ ᠢ ᠰᠡᠷᠭᠡᠶᠢᠯᠡᠬᠦ ᠬᠠᠤᠯᠢ ᠪᠠᠷ ᠵᠠᠰᠠᠬᠤ ᠪᠠᠭᠠᠵᠢ ᠶᠢ ᠰᠠᠶᠢᠲᠤᠷ ᠬᠡᠷᠡᠭᠯᠡᠵᠦ᠂ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠪᠠᠨ ᠳᠡᠭᠡᠭᠰᠢᠯᠡᠭᠦᠯᠦᠨ᠂ ᠥᠪᠡᠷ ᠤᠨ ︽ᠵᠣᠭᠤᠰᠣᠨ ᠤᠭᠤᠲᠠ︾ ᠶᠢ ᠦᠨᠡᠨ ᠬᠦ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠪᠠ᠃
     ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠣᠯᠠᠨ ᠲᠦᠮᠡᠨ ᠤ ᠠᠵᠤ ᠠᠬᠤᠶ ᠶᠢᠨ ᠶᠠᠯᠠᠲᠤ ᠠᠵᠢᠯᠯᠠᠭ᠎ᠠ ᠶᠢ ᠢᠯᠭᠠᠨ ᠲᠠᠨᠢᠬᠤ᠂ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠬᠤᠲᠠ ᠶᠢᠨ ᠠᠵᠤ ᠠᠬᠤᠶ ᠶᠢᠨ ᠬᠦᠷᠢᠶᠡᠨ ᠳᠠᠬᠢ ᠠᠮᠤᠷ ᠲᠦᠪᠰᠢᠨ ᠪᠠ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠬᠠᠮᠠᠭᠠᠯᠠᠵᠤ᠂ ᠪᠥᠬᠦ ᠨᠡᠶᠢᠭᠡᠮ ᠢᠶᠠᠷ ᠢᠶᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠭᠠᠷ ᠬᠤᠯᠪᠣᠨ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号