| | 5 ᠰᠠᠷ᠎ᠠ ᠶᠢᠨ 19 ᠤ ᠡᠳᠦᠷ᠂ ︽5 · 19 ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠵᠢᠴᠢ | ᠥᠪᠥᠷ ᠮᠣᠩᠭᠤᠯ ᠤᠨ ᠬᠤᠶᠠᠳᠤᠭᠠᠷ ᠬᠤᠭᠤᠴᠠᠭᠠᠨ ᠤ ᠮᠤᠲ᠋ᠤᠷ ᠢᠶᠠᠷ ᠠᠶᠠᠯᠠᠬᠤ ᠮᠣᠷᠢᠲᠤ ᠴᠡᠷᠢᠭ ᠤᠨ ᠨᠠᠭᠠᠳᠤᠮ ᠤᠨ | ᠭᠤᠣᠯ ᠰᠡᠳᠦᠪᠲᠦ ᠠᠵᠢᠯᠯᠠᠭ᠎ᠠ ᠮᠠᠨ ᠤ ᠬᠤᠲᠠ ᠳᠤ ᠶᠠᠪᠤᠭᠳᠠᠬᠤ ᠪᠣᠯᠤᠨ᠎ᠠ᠃ ᠣᠳᠣᠬᠠᠨ ᠳᠤ᠂ ᠡᠯ᠎ᠡ ᠵᠦᠢᠯ ᠤᠨ | ᠠᠵᠢᠯ ᠢ ᠨᠢᠭᠡᠨᠲᠡ ᠪᠡᠯᠡᠳᠬᠡᠨ ᠳᠠᠭᠤᠰᠬᠠᠵᠤ᠂ ᠠᠵᠢᠯᠲᠠᠳ ᠶᠠᠭ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠣᠷ ᠬᠢᠵᠦ ᠪᠠᠶᠢᠨ᠎ᠠ᠃ | 5 ᠰᠠᠷ᠎ᠠ ᠶᠢᠨ 18 ᠤ ᠦᠳᠡ ᠶᠢᠨ ᠬᠤᠶᠢᠨ᠎ᠠ᠂ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ 350 | ᠮᠣᠲ᠋ᠣᠷ ᠤᠨᠤᠬᠤ ᠳᠤᠷᠠᠲᠠᠶ ᠬᠥᠮᠦᠰ ᠵᠠᠯᠭᠠᠭ᠎ᠠ ᠪᠠᠷ ᠮᠠᠨ ᠤ ᠬᠤᠲᠠ ᠳᠤ ᠬᠦᠷᠴᠦ ᠢᠷᠡᠵᠦ ᠪᠠᠶᠢᠯ᠎ᠠ᠃ ᠬᠤᠯᠠ ᠠᠴᠠ | ᠢᠷᠡᠭᠰᠡᠨ ᠨᠠᠶᠢᠵᠠ ᠨᠠᠷ ᠢ ᠪᠠᠶᠠᠷᠯᠠᠨ ᠤᠭᠲᠤᠬᠤ ᠶᠢᠨ ᠳᠣᠯᠠᠳᠠ᠂ ᠮᠠᠨ ᠤ ᠬᠤᠲᠠ ᠬᠠᠯᠠᠭᠤᠨ ᠳᠤᠯᠠᠭᠠᠨ ᠣᠷᠣᠨ | ᠰᠠᠭᠤᠴᠠ ᠶᠢᠨ ᠣᠷᠴᠢᠨ ᠲᠣᠭᠤᠷᠢᠨ ᠢ ᠨᠠᠷᠢᠨ ᠨᠢᠮᠪᠠᠢ ᠪᠡᠯᠡᠳᠬᠡᠵᠦ᠂ ᠪᠦᠷᠢᠨ ᠭᠦᠢᠴᠡᠳ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠪᠤᠷᠢ ᠶᠢᠨ ᠦᠢᠯᠡᠴᠢᠯᠡᠭᠡ ᠬᠠᠩᠭᠠᠵᠤ᠂ ᠪᠣᠭᠤᠮᠲᠠ ᠶᠢᠨ ᠬᠠᠯᠠᠭᠤᠨ ᠰᠡᠳᠬᠢᠯᠭᠡ ᠶᠢ | ᠮᠡᠳᠡᠷᠡᠬᠦᠯᠵᠦ᠂ ᠪᠣᠭᠤᠮᠲᠠ ᠶᠢᠨ ᠵᠠᠩ ᠦᠢᠯᠡ ᠶᠢ ᠣᠶᠢᠯᠠᠭᠠᠭᠤᠯᠣᠨᠠ᠃ | ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠲᠤ ᠣᠷᠣᠵᠤ ᠰᠠᠭᠤᠭᠰᠠᠨ | ᠵᠣᠴᠢᠳ ᠤᠨ ᠪᠠᠭᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠪᠠ ᠠᠷᠢᠭᠤᠨ ᠴᠡᠪᠡᠷ ᠤᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠵᠦ᠂ ︽ ᠮᠣᠲ᠋ᠣᠷᠴᠢᠳ︾ ᠲᠤ ᠲᠠᠭᠠᠯᠠᠮᠵᠢᠲᠠᠶ᠂ ᠬᠠᠯᠠᠭᠤᠨ ᠳᠤᠯᠠᠭᠠᠨ | ᠬᠤᠨᠤᠭᠯᠠᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ ᠡᠭᠦᠨ ᠠᠴᠠ ᠭᠠᠳᠠᠨ᠎ᠠ᠂ ᠵᠣᠴᠢᠳ ᠤᠨ ᠪᠠᠭᠤᠳᠠᠯ | ᠪᠠᠰᠠ ᠣᠯᠠᠨ ᠤ ᠦᠨᠦᠷ ᠠᠮᠲᠠ ᠶᠢ ᠦᠨᠳᠦᠰᠦᠯᠡᠨ᠂ ᠲᠤᠰᠬᠠᠶᠢᠯᠠᠨ ᠡᠯ᠎ᠡ ᠵᠦᠢᠯ ᠤᠨ ᠣᠨᠴᠠᠯᠢᠭᠲᠤ ᠨᠣᠭᠤᠭ᠎ᠠ | ᠦᠢᠯᠡᠳᠴᠦ᠂ ᠪᠣᠭᠤᠮᠲᠠ ᠶᠢᠨ ᠷᠢᠳᠢ ᠰᠢᠳᠢ ᠶᠢ ᠮᠡᠳᠡᠷᠡᠭᠦᠯᠪᠡ᠃ ᠡᠯ᠎ᠡ ᠠᠵᠢᠯᠯᠠᠭᠠᠨ ᠤ ᠲᠠᠯᠠᠪᠤᠷ᠂ ᠵᠣᠴᠢᠳ ᠤᠨ | ᠪᠠᠭᠤᠳᠠᠯ ᠳᠤ ᠣᠷᠣᠵᠤ ᠰᠠᠭᠤᠬᠤ᠂ ᠠᠮᠤᠷ ᠢ ᠬᠠᠮᠠᠭᠠᠯᠠᠬᠤ ᠠᠵᠢᠯᠲᠠᠨ ᠢ ᠨᠡᠮᠡᠭᠳᠡᠭᠦᠯᠬᠦ᠂ ᠦᠢᠯᠡᠴᠢᠯᠡᠭᠡᠨ ᠤ | ᠠᠵᠢᠯᠲᠠᠨ ᠢ ᠪᠠᠲᠤᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠢᠯᠯᠠᠭ᠎ᠠ ᠶᠢ ᠲᠡᠭᠦᠰ ᠠᠮᠵᠢᠯᠲᠠ ᠲᠠᠢ | ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃ | | |