【 ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ 】 ᠣᠯᠠᠨ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠭᠤᠤᠯ ᠰᠡᠳᠦᠪᠲᠦ ᠠᠵᠢᠯᠯᠠᠭ᠎ᠠ᠄ ᠲᠠᠨ ᠢ ᠤᠷᠢᠵᠤ ᠬᠡᠭᠡᠷ᠎ᠡ ᠶᠢᠨ ᠠᠮᠢᠲᠠᠨ ᠢ ᠬᠠᠮᠲᠤ ᠪᠠᠷ ᠬᠠᠮᠠᠭᠠᠯᠠᠭᠤᠯᠤᠶ᠎ᠠ
ᠨᠡᠶᠢᠲᠡᠯᠡᠭᠰᠡᠨ ᠴᠠᠭ᠄
2023/5/23
    5 ᠰᠠᠷ᠎ᠠ ᠶᠢᠨ 22 ᠪᠣᠯ ᠳᠡᠯᠡᠬᠡᠢ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ᠃ ᠲᠤᠬᠠᠶ ᠶᠢᠨ ᠡᠳᠦᠷ᠂ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠭᠡᠷᠡᠯᠳᠦᠠᠣᠳᠦ ᠬᠢᠯᠢ ᠶᠢᠨ ᠲᠣᠮᠢᠯᠠᠭᠰᠠᠨ ᠰᠠᠯᠪᠤᠷᠢ᠂  ᠠ ᠡ ᠢ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠣᠷᠠᠴᠣᠳ ᠤᠨ ᠨᠡᠶᠢᠭᠡᠮᠯᠢᠭ ᠠᠴᠠ ᠤᠯᠤᠰ ᠤᠨ ᠡᠬᠦᠳᠡ ᠦᠵᠡᠮᠵᠢ ᠶᠢᠨ ᠣᠷᠣᠨ ᠤ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠥᠷᠲᠡᠭᠡ ᠳᠤ ᠣᠯᠠᠨ ᠶᠠᠩᠵᠤ ᠶᠢᠨ ᠬᠡᠯᠪᠡᠷᠢ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠵᠦ᠂ ᠨᠠᠩ ᠣᠯᠠᠨ ᠨᠡᠶᠢᠭᠡᠮ ᠤᠨ ᠬᠦᠴᠦᠨ ᠢ ᠳᠠᠶᠢᠴᠢᠯᠠᠨ ᠵᠣᠷᠢᠭᠵᠢᠭᠤᠯᠵᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ  ᠣᠷᠣᠯᠴᠠᠵᠠᠢ᠃ ᠬᠤᠳᠠ ᠶᠢᠨ ᠤᠳᠤᠷᠢᠳᠤᠯᠭ᠎ᠠ ᠶᠠᠩ ᠶᠢᠨ ᠷᠦᠢ᠂ ᠰᠢᠤᠸᠠᠢ ᠸᠧᠨ ᠵᠢᠶᠦ᠋ᠨ᠂ ᠰᠢᠯᠢᠨᠪᠠᠭᠠᠳᠣᠷ ᠠᠵᠢᠯᠯᠠᠭ᠎ᠠ ᠳᠤ ᠣᠷᠣᠯᠴᠠᠪᠠ᠃
  ᠡᠨᠡ ᠵᠢᠯ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠭᠤᠤᠯ ᠰᠡᠳᠦᠪ ᠪᠣᠯ ︽ᠬᠡᠯᠡᠯᠴᠡᠭᠡᠷ ᠠᠴᠠ ᠬᠦᠴᠦ ᠪᠠᠨ ᠬᠠᠮᠲᠤᠳᠬᠠᠬᠤ ᠬᠦᠷᠲᠡᠯ᠎ᠡ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ︾ ᠪᠣᠯᠤᠨ᠎ᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ 10 ᠭᠠᠷᠤᠶ ᠦᠵᠡᠭᠦᠯᠦᠯᠭᠡ ᠶᠢᠨ ᠰᠠᠮᠪᠠᠷ᠎ᠠ ᠶᠢᠨ ᠵᠢᠷᠤᠭ ᠦᠰᠦᠭ ᠨᠢ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠡᠳᠦᠷ ᠤᠨ ᠢᠷᠡᠯᠲᠡ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠤᠬᠠᠭᠳᠠᠬᠤᠨ ᠢ ᠳᠡᠯᠭᠡᠨ ᠦᠵᠡᠭᠦᠯᠵᠦ᠂ ᠳᠦᠷᠢ ᠲᠥᠷᠬᠦ ᠨᠢ ᠮᠠᠨ ᠤ ᠬᠤᠲᠠ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠲᠠᠯ᠎ᠠ ᠪᠠᠷ ᠬᠢ ᠠᠵᠢᠯ ᠤᠨ ᠦᠷ᠎ᠡ ᠪᠦᠲᠦᠮᠵᠢ ᠶᠢ ᠣᠯᠠᠨ ᠨᠡᠶᠢᠲᠡ ᠳᠤ ᠰᠢᠭᠤᠳ ᠳᠡᠯᠭᠡᠨ ᠦᠵᠡᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠣᠶᠢᠷ᠎ᠠ ᠳᠤ ᠠ ᠡ ᠢ ᠨᠡᠶᠢᠲᠡ ᠶᠢᠨ ᠠᠰᠠᠷᠠᠮᠵᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠣᠷᠠᠴᠣᠳ ᠤᠨ ᠨᠡᠶᠢᠭᠡᠮᠯᠢᠭ ᠪᠣᠯᠤᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠦᠷᠳᠡᠭᠡ ᠶᠢᠨ ᠠᠪᠤᠷᠠᠨ ᠲᠤᠰᠠᠯᠠᠯᠲᠠ ᠶᠢᠨ ᠨᠢᠭᠡ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ - ᠵᠡᠭᠡᠷ᠎ᠡ ᠶᠢ ᠦᠵᠡᠪᠡ᠃ ᠮᠠᠯ ᠤᠨ ᠡᠮᠴᠢ ᠡᠮ ᠰᠣᠯᠢᠵᠤ ᠡᠮᠴᠢ ᠪᠠᠷ ᠵᠠᠰᠠᠵᠤ ᠪᠠᠶᠢᠨ᠎ᠠ᠃ ᠠᠪᠤᠷᠠᠨ ᠲᠤᠰᠯᠠᠬᠤ ᠭᠠᠵᠠᠷ ᠢᠯᠡᠳᠬᠡᠭᠰᠡᠨ ᠨᠢ᠂ ᠤᠭ ᠵᠡᠭᠡᠷ᠎ᠡ ᠶᠢᠨ ᠰᠢᠷᠬ᠎ᠠ ᠨᠢ ᠰᠡᠷᠭᠦᠭᠰᠡᠨ ᠤ ᠳᠠᠷᠠᠭ᠎ᠠ ᠡᠬᠡ ᠪᠠᠶᠢᠭᠠᠯᠢ ᠳᠤ ᠲᠠᠯᠪᠢᠬᠤ ᠪᠣᠯᠤᠨ᠎ᠠ᠃
   ᠲᠤᠰ ᠡᠳᠦᠷ ᠤᠨ ᠦᠳᠡ ᠶᠢᠨ ᠬᠤᠶᠢᠨ᠎ᠠ᠂ ᠬᠤᠯᠪᠣᠭᠳᠠᠯ ᠪᠦᠬᠦᠢ ᠲᠤᠰᠬᠠᠶ ᠮᠡᠷᠭᠡᠵᠢᠯᠲᠡᠨ ᠢ ᠤᠷᠢᠵᠤ ︽ᠲᠡᠮᠦᠷ ᠵᠠᠮ ᠤᠨ ᠬᠦᠷᠢᠶ᠎ᠡ ᠬᠠᠰᠢᠶ᠎ᠠ ᠬᠢᠭᠡᠳ ᠨᠤᠲᠤᠭ ᠪᠡᠯᠴᠢᠭᠡᠷ ᠤᠨ ᠠᠮᠢ ᠠᠬᠤᠶ ᠶᠢᠨ ᠠᠮᠤᠷ ᠲᠦᠪᠰᠢᠨ ᠢ ᠳᠡᠭᠡᠭᠰᠢᠯᠡᠭᠦᠯᠦᠶ᠎ᠡ︾ ᠭᠡᠬᠦ ᠭᠤᠤᠯ ᠰᠡᠳᠦᠪᠲᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃    ᠣᠶᠢᠷ᠎ᠠ ᠶᠢᠨ ᠵᠢᠯ ᠳᠤ᠂ ᠠᠮᠢ ᠠᠬᠤᠶ ᠶᠢᠨ ᠣᠷᠴᠢᠨ ᠲᠣᠭᠤᠷᠢᠨ ᠲᠠᠰᠤᠷᠠᠯᠲᠠ ᠦᠭᠡᠢ ᠰᠠᠶᠢᠵᠢᠷᠠᠬᠤ᠂ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠡᠷᠴᠢᠮ ᠲᠠᠰᠤᠷᠠᠯᠲᠠ ᠦᠭᠡᠢ ᠴᠢᠩᠭᠠᠷᠠᠬᠤ ᠶᠢ ᠳᠠᠭᠠᠯᠳᠤᠨ᠂ ᠮᠠᠨ ᠤ ᠬᠤᠲᠠ ᠶᠢᠨ ᠬᠡᠭᠡᠷ᠎ᠡ ᠶᠢᠨ ᠠᠮᠢᠲᠠᠨ ᠤ ᠲᠥᠷᠥᠯ ᠵᠦᠢᠯ ᠪᠠ ᠲᠤᠭ᠎ᠠ ᠬᠡᠮᠵᠢᠶ᠎ᠡ ᠤᠯᠠᠮ ᠠᠴᠠ ᠤᠯᠠᠮ ᠣᠯᠠᠰᠢᠷᠠᠵᠤ᠂ ᠰᠠᠭᠤᠭᠠᠯᠢ ᠠᠷᠠᠳ ᠤᠨ ᠬᠠᠮᠠᠭᠠᠯᠠᠯᠲᠠ ᠶᠢᠨ ᠤᠬᠠᠮᠰᠠᠷ ᠴᠤ ᠲᠠᠰᠤᠷᠠᠯᠲᠠ ᠦᠭᠡᠢ ᠳᠡᠭᠡᠭᠰᠢᠯᠡᠪᠡ᠃ ᠣᠳᠣᠬᠠᠨ ᠳᠤ᠂ ᠮᠠᠨ ᠤ ᠬᠤᠲᠠ ᠳᠤ 160 ᠭᠠᠷᠤᠶ ᠵᠦᠢᠯ ᠤᠨ ᠬᠡᠭᠡᠷ᠎ᠡ ᠶᠢᠨ ᠤᠷᠭᠤᠮᠠᠯ ᠲᠠᠢ᠂ 180 ᠭᠠᠷᠤᠶ ᠵᠦᠢᠯ ᠤᠨ ᠬᠡᠭᠡᠷ᠎ᠡ ᠶᠢᠨ ᠠᠮᠢᠲᠠᠨ ᠲᠠᠢ ᠪᠠᠶᠢᠳᠠᠭ᠃ ᠮᠣᠩᠭᠤᠯ ᠪᠥᠬᠦᠩ᠂ ᠬᠠᠷᠬᠢᠷ᠎ᠠ᠂ ᠳᠣᠷᠣᠨᠠᠳᠠᠬᠢᠨ ᠤ ᠴᠠᠭᠠᠨ ᠥᠷᠪᠢᠰᠥᠯ ᠵᠡᠷᠭᠡ ᠮᠥᠬᠦᠬᠦ ᠰᠢᠬᠠᠭᠰᠠᠨ ᠬᠤᠪᠣᠷ ᠴᠤᠬᠠᠭ ᠪᠣᠳᠠᠰ ᠤᠨ ᠳᠦᠷᠰᠦ ᠨᠢ ᠮᠠᠨ ᠤ ᠬᠤᠲᠠ ᠳᠤ ᠦᠵᠡᠭᠳᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号