ᠵᠠᠮ ᠲᠡᠭᠡᠭᠡᠪᠦᠷᠢ ᠶᠢᠨ ᠶᠠᠮᠤᠨ ᠤ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠬᠤᠲᠠ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2023/5/24
                         5 ᠰᠠᠷ᠎ᠠ ᠶᠢᠨ 22 ᠤᠨ ᠡᠳᠦᠷ᠂ ᠵᠠᠮ ᠲᠡᠭᠡᠭᠡᠪᠦᠷᠢ ᠶᠢᠨ ᠶᠠᠮᠤᠨ ᠤ ᠶᠡᠷᠦᠩᠬᠡᠶ ᠢᠨᠵᠧᠨᠧᠷ ᠪᠥᠭᠡᠳ ᠤᠰᠤᠨ ᠲᠡᠭᠡᠭᠡᠪᠦᠷᠢ ᠶᠢᠨ ᠲᠣᠪᠴᠢᠶᠠᠨ ᠤ ᠳᠠᠷᠤᠭ᠎ᠠ ᠯᠢ ᠲᠢᠶᠠᠨ ᠪᠢ ᠵᠠᠮ ᠲᠡᠭᠡᠭᠡᠪᠦᠷᠢ ᠶᠢᠨ ᠶᠠᠮᠤᠨ ᠤ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠲᠠ ᠳᠤ ᠢᠷᠡᠵᠦ᠂ ᠬᠢᠯᠢ ᠪᠠᠷ ᠥᠩᠭᠡᠷᠡᠬᠦ ᠡᠭᠡᠯᠵᠢ ᠶᠢᠨ ᠭᠠᠯᠲᠤ ᠲᠡᠷᠭᠡ ᠶᠢᠨ ᠰᠣᠯᠢᠵᠤ ᠠᠴᠢᠶᠠᠯᠠᠬᠤ ᠴᠢᠳᠠᠪᠤᠷᠢ ᠶᠢ ᠳᠡᠭᠡᠭᠰᠢᠯᠡᠭᠦᠯᠬᠦ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ᠂ ᠪᠠᠷᠠᠭᠠᠨ ᠤ ᠲᠡᠭᠡᠭᠡᠪᠦᠷᠢ᠂ ᠵᠠᠮ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠵᠤ᠂ ᠡᠨᠡ ᠬᠤᠭᠤᠴᠠᠭᠠᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠯᠢ ᠰᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠠᠨ ᠱᠢ ᠠᠵᠢᠯᠯᠠᠭ᠎ᠠ ᠳᠤ ᠣᠷᠣᠯᠴᠠᠵᠠᠶ᠃
   ᠰᠠᠭᠤᠳᠠᠯ ᠤᠨ ᠬᠤᠷᠠᠯ ᠳᠡᠭᠡᠷ᠎ᠡ᠂ ᠯᠢ ᠰᠢ᠂ ᠸᠠᠩ ᠰᠠᠨ ᠱᠢ ᠲᠣᠰ ᠲᠣᠰ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠵᠠᠮ ᠲᠡᠭᠡᠭᠡᠪᠦᠷᠢ ᠶᠢᠨ ᠪᠠᠶᠢᠳᠠᠯ ᠪᠠ ᠡᠷᠢᠶᠡᠨ ᠬᠤᠲᠠ ᠶᠢᠨ ᠪᠣᠭᠤᠮᠲᠠ ᠶᠢᠨ ᠣᠳᠣᠬᠢ ᠪᠠᠶᠢᠳᠠᠯ ᠂ ᠳᠡᠭᠡᠳᠦ ᠱᠠᠲᠤᠨ ᠠᠴᠠ ᠬᠠᠪᠰᠤᠷᠤᠨ ᠲᠡᠳᠬᠦᠵᠦ ᠰᠢᠢᠳᠪᠦᠷᠢᠯᠡᠭᠰᠡᠨ ᠵᠦᠢᠯᠡᠰ ᠵᠡᠷᠭᠡ ᠶᠢ ᠬᠠᠷᠢᠭᠤ ᠮᠡᠳᠡᠭᠦᠯᠪᠡ᠃
  ᠯᠢ ᠲᠢᠶᠠᠨ ᠪᠢ ᠬᠡᠯᠡᠭᠰᠡᠨ ᠨᠢ᠂ ᠡᠷᠢᠶᠡᠨ ᠬᠤᠳᠠ ᠤᠯᠤᠰ ᠤᠨ ᠤᠮᠠᠷᠠᠰᠢ ᠨᠡᠭᠡᠭᠡᠯᠲᠡ ᠬᠢᠬᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠠᠵᠢᠯᠯᠠᠭᠠᠨ ᠳᠤ ᠦᠢᠯᠡᠴᠢᠯᠡᠬᠦ ᠵᠡᠷᠭᠡ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠵᠡᠶ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ︽ᠳᠤᠮᠳᠠ ᠨᠢ ᠨᠡᠪᠲᠡᠷᠡᠬᠦ︾ ᠦᠢᠯᠡᠳᠦᠯ ᠢ ᠪᠠᠳᠠᠷᠠᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠬᠦᠢᠰᠦ ᠶᠢ ᠪᠥᠲᠥᠭᠡᠨ ᠪᠠᠶᠢᠭᠤᠯᠵᠤ᠂ ᠪᠠᠶᠢᠷᠢ ᠲᠣᠭᠲᠠᠭᠠᠯᠲᠠ ᠪᠠᠨ ᠣᠨᠣᠪᠴᠢᠲᠠᠶ ᠣᠯᠵᠤ᠂ ᠴᠢᠭᠯᠡᠯ ᠢᠶᠠᠨ ᠲᠣᠳᠣᠷᠬᠠᠶᠢᠯᠠᠨ᠂ ᠭᠤᠤᠯᠳᠠᠯᠭ᠎ᠠ ᠪᠠᠨ ᠳᠣᠪᠤᠶᠢᠯᠭᠠᠵᠤ᠂ ᠤᠯᠤᠰ ᠤᠨ ᠶᠠᠮᠤᠨ ᠵᠥᠪᠯᠡᠯ ᠯᠦᠭᠡ ᠶᠢᠨ ᠬᠠᠷᠢᠯᠴᠠᠭ᠎ᠠ ᠨᠡᠪᠲᠡᠷᠡᠯᠴᠡᠭᠡ ᠪᠠᠨ ᠴᠢᠩᠭᠠᠳᠬᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠳᠤᠮᠳᠠ ᠬᠤᠭᠤᠴᠠᠭᠠᠨ ᠤ ᠦᠨᠡᠯᠡᠨ ᠵᠢᠱᠢᠬᠦ ᠠᠵᠢᠯ ᠲᠠᠢ ᠤᠶᠠᠯᠳᠤᠭᠤᠯᠤᠨ᠂ ᠡᠷᠢᠶᠡᠨ ᠬᠤᠲᠠ ᠶᠢᠨ ᠲᠡᠮᠦᠷ ᠵᠠᠮ ᠤᠨ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠲᠠᠰ ᠳᠡᠪᠰᠢᠭᠦᠯᠬᠦ ᠲᠥᠷᠥᠯ ᠵᠦᠢᠯ ᠢ ᠠᠯᠢ ᠲᠦᠷᠭᠡᠨ ᠢᠶᠠᠷ ᠵᠥᠪᠰᠢᠶᠡᠷᠡᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ᠂ TIR ᠣᠯᠠᠨ ᠤᠯᠤᠰ ᠤᠨ ᠵᠠᠰᠠᠮᠠᠯ ᠵᠠᠮ ᠤᠨ ᠲᠡᠭᠡᠭᠡᠪᠦᠷᠢ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ᠂ ᠡᠯ᠎ᠡ ᠵᠦᠢᠯ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠲᠡᠭᠡᠭᠡᠪᠦᠷᠢ ᠶᠢᠨ ᠥᠪᠡᠷ ᠤᠨ ᠥᠷᠲᠡᠭ ᠢ ᠪᠥᠬᠦ ᠬᠦᠴᠦᠨ ᠢᠶᠠᠷ ᠢᠶᠠᠨ ᠪᠠᠭᠤᠷᠠᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠬᠠᠮᠵᠢᠯᠴᠠᠨ ᠬᠠᠮᠲᠤᠷᠠᠯᠴᠠᠬᠤ᠂ ᠮᠡᠳᠡᠭᠡ ᠵᠠᠩᠭᠢ ᠶᠢ ᠬᠠᠷᠢᠯᠴᠠᠨ ᠰᠣᠯᠢᠯᠴᠠᠬᠤ ᠪᠠᠨ ᠴᠢᠩᠭᠠᠳᠬᠠᠵᠤ᠂ ᠪᠠᠶᠢᠴᠠᠭᠠᠨ ᠰᠢᠯᠭᠠᠬᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠶ᠃ ᠪᠣᠭᠤᠮᠲᠠ ᠶᠢᠨ ᠳᠠᠪᠠᠭᠤᠯᠢᠭ ᠲᠤ ᠲᠦᠰᠢᠭᠯᠡᠨ᠂ ᠡᠬᠢ ᠪᠠᠶᠠᠯᠢᠭ ᠢ ᠭᠦᠨᠵᠡᠭᠡᠶ ᠡᠳ᠋ᠰᠢᠭᠦᠯᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠨᠡᠮᠡᠯᠲᠡ ᠥᠷᠲᠡᠭ ᠢ ᠳᠡᠭᠡᠭᠰᠢᠯᠡᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠡᠬᠢ ᠪᠠᠶᠠᠯᠢᠭ ᠤᠨ ᠠᠰᠢᠭᠯᠠᠮᠵᠢ ᠪᠠ ᠭᠠᠷᠤᠯᠲᠠ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠠᠶᠢᠴᠠᠭᠠᠨ ᠰᠤᠳᠤᠯᠬᠤ ᠳᠤᠭᠤᠶᠢᠯᠠᠩ ᠪᠠᠰᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠵᠤ᠂ ᠡᠷᠢᠶᠡᠨ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠲᠡᠰ ᠳᠡᠪᠰᠢᠬᠦ ᠶᠢ ᠢᠳᠡᠪᠬᠢᠲᠡᠢ ᠠᠬᠢᠭᠤᠯᠤᠨ᠎ᠠ ᠭᠡᠵᠦ ᠤᠷᠢᠶᠠᠯᠠᠪᠠ᠃
   ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠵᠠᠰᠠᠮᠠᠯ ᠵᠠᠮ ᠤᠨ ᠪᠣᠭᠤᠮᠲᠠ ᠶᠢᠨ ᠵᠢᠭᠤᠯᠴᠢᠯᠠᠯ ᠤᠨ ᠪᠠᠶᠢᠴᠠᠭᠠᠯᠲᠠ ᠶᠢᠨ ᠵᠠᠮ᠂ ᠬᠢᠯᠢ ᠶᠢᠨ ᠢᠷᠭᠡᠳ ᠤᠨ ᠬᠤᠳᠠᠯᠳᠣᠭᠠᠨ ᠤ ᠲᠣᠭᠤᠷᠢᠭ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭᠠᠨ ᠤ ᠭᠦᠢᠯᠭᠡᠭᠡᠨ ᠤ ᠲᠣᠭᠤᠷᠢᠭ᠂ ᠳᠤᠮᠳᠠᠳᠤ ᠮᠣᠩᠭᠤᠯ ᠤᠨ ᠠᠵᠤ ᠠᠬᠤᠶ ᠶᠢᠨ ᠬᠠᠮᠲᠤᠷᠠᠯᠴᠠᠭᠠᠨ ᠤ ᠲᠣᠭᠤᠷᠢᠭ᠂ ᠲᠡᠮᠦᠷ ᠵᠠᠮ ᠤᠨ ᠲᠣᠬᠢᠷᠠᠭᠤᠯᠤᠯᠲᠠ ᠶᠢᠨ ᠲᠥᠪ᠂ ᠵᠢᠶᠠ ᠾᠧ ᠪᠠᠷᠠᠭᠠᠨ ᠤ ᠭᠦᠢᠯᠭᠡᠭᠡᠨ ᠤ ᠲᠣᠭᠤᠷᠢᠭ ᠲᠤ ᠬᠦᠷᠴᠦ᠂ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠬᠢᠭᠡᠳ ᠡᠵᠡᠩᠨᠡᠯᠲᠡ᠂ ᠬᠢᠯᠢ ᠶᠢᠨ ᠢᠷᠭᠡᠳ ᠤᠨ ᠬᠤᠳᠠᠯᠳᠣᠭᠠᠨ ᠤ ᠠᠵᠢᠯᠯᠠᠭ᠎ᠠ᠂ ᠵᠠᠰᠠᠮᠠᠯ ᠵᠠᠮ ᠤᠨ ᠪᠣᠭᠤᠮᠲᠠ ᠶᠢᠨ ᠪᠠᠶᠢᠷᠢᠰᠢᠭᠤᠯᠤᠯᠲᠠ ᠬᠢᠭᠡᠳ ᠪᠣᠭᠤᠮᠲᠠ ᠪᠠᠷ ᠥᠩᠭᠡᠷᠡᠬᠦ᠂ ᠬᠠᠮᠲᠤᠷᠠᠯᠴᠠᠭᠠᠨ ᠤ ᠣᠷᠣᠨ ᠤ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ᠂ ᠲᠡᠷᠭᠡᠨ ᠥᠷᠲᠡᠭᠡᠨ ᠤ ᠪᠥᠲᠥᠭᠡᠨ ᠪᠠᠶᠢᠭᠤᠯᠤᠯᠲᠠ ᠬᠢᠭᠡᠳ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡᠨ ᠤ ᠠᠵᠢᠯᠯᠠᠭ᠎ᠠ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠥᠮᠥᠷᠭᠡᠯᠡᠨ ᠬᠠᠳᠠᠭᠠᠯᠠᠬᠤ ᠵᠡᠷᠭᠡ ᠪᠠᠶᠢᠳᠠᠯ ᠢ ᠣᠶᠢᠯᠠᠭᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号