【 ᠲᠠᠪᠤᠨ ᠶᠡᠭᠡ ᠡᠭᠦᠷᠭᠡ ᠶᠢᠨ ᠠᠮᠵᠢᠯᠲᠠ ᠤᠯᠬᠤ ᠶᠢ ᠠᠬᠢᠭᠤᠯᠤᠨ᠎ᠠ 】 ᠡᠨᠡ ᠵᠢᠯ ᠤᠨ ᠲᠦᠷᠦᠭᠦᠤ 4 ᠰᠠᠷ᠎ᠠ ᠳᠤ ᠡᠷᠢᠶᠡᠨ ᠪᠣᠭᠤᠮᠲᠠ ᠶᠢᠨ ᠨᠡᠭᠦᠷᠡᠰᠦᠨ ᠤ ᠭᠠᠳᠠᠭᠠᠳᠤ ᠠᠴᠠ ᠣᠷᠣᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 117.5% ᠪᠠᠷ ᠨᠡᠮᠡᠭᠳᠡᠪᠡ᠃
ᠨᠡᠶᠢᠲᠡᠯᠡᠭᠰᠡᠨ ᠴᠠᠭ᠄
2023/5/24
     ᠡᠨᠡ ᠵᠢᠯ ᠤᠨ ᠲᠦᠷᠦᠭᠦᠤ 4 ᠰᠠᠷ᠎ᠠ ᠳᠤ᠂ ᠡᠷᠢᠶᠡᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ 157.6 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 117.5% ᠪᠠᠷ ᠨᠡᠮᠡᠭᠳᠡᠪᠡ︔ 12.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71.2% ᠢᠶᠠᠷ ᠨᠡᠮᠡᠭᠳᠡᠪᠡ᠃
   ᠤᠯᠤᠰ ᠤᠨ ᠳᠣᠲᠣᠭᠠᠳᠤ ᠶᠢᠨ ᠡᠨᠧᠷᠭᠢ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠴᠢᠩᠭᠠᠳᠬᠠᠬᠤ ᠶᠢᠨ ᠳᠣᠯᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠲᠦᠷᠢᠮ ᠤᠨ ᠵᠥᠪᠯᠡᠯ ᠠᠴᠠ 2023 ᠣᠨ ᠤ 4 ᠰᠠᠷ᠎ᠠ ᠶᠢᠨ 1 ᠤ ᠡᠳᠦᠷ ᠠᠴᠠ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂  ᠳᠦᠷ ᠳᠣᠭᠳᠠᠭᠰᠠᠨ ᠨᠡᠬᠦᠷᠡᠰᠦᠨ ᠤ ᠭᠠᠳᠠᠭᠠᠳᠦ ᠠᠴᠠ ᠣᠷᠣᠭᠤᠯᠬᠤ ᠳᠡᠭ ᠭᠠᠶᠢᠯᠢ ᠶᠢᠨ ᠨᠣᠷᠮ᠎ᠠ ᠶᠢ ᠦᠷᠬᠦᠯᠵᠢᠯᠡᠨ ᠬᠡᠷᠡᠭᠵᠢᠬᠦᠯᠬᠦ ᠪᠠᠷ ᠳᠣᠭᠳᠠᠪᠠ᠃ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠬᠦ ᠠᠴᠠ ᠡᠮᠦᠨ᠎ᠡ᠂ ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠠᠴᠠ 3% ᠠᠴᠠ 6% ᠪᠠᠷ ᠭᠠᠳᠠᠭᠠᠳᠤ ᠠᠴᠠ ᠣᠷᠣᠭᠤᠯᠬᠤ ᠪᠣᠭᠤᠮᠲᠠ ᠶᠢᠨ ᠭᠠᠶᠢᠯᠢ ᠳᠠᠳᠠᠪᠣᠷᠢᠯᠠᠨ᠎ᠠ᠃ ᠲᠣᠰ ᠲᠦᠷ ᠲᠣᠭᠲᠠᠭᠠᠭᠰᠠᠨ ᠭᠠᠶᠢᠯᠢ ᠶᠢᠨ ᠨᠣᠷᠮ᠎ᠠ ᠶᠢ ᠬᠡᠷᠡᠭᠵᠢᠭᠦᠯᠪᠡᠯ᠂ ᠵᠢᠱᠢᠯᠲᠡ ᠪᠠᠷ ᠵᠢᠯ ᠤᠨ ᠳᠣᠲᠣᠷ᠎ᠠ ᠪᠣᠭᠤᠮᠲᠠ ᠶᠢᠨ ᠨᠡᠭᠦᠷᠡᠰᠦ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠤᠨ ᠠᠷᠪᠢᠯᠠᠬᠤ ᠭᠠᠶᠢᠯᠢ ᠶᠢᠨ ᠵᠣᠭᠤᠰ ᠢ ᠪᠠᠷᠤᠭ 2.1 ᠳ᠋ᠦᠩᠰᠢᠭᠤᠷ ᠲᠥᠭᠦᠷᠢᠭ ᠠᠷᠪᠢᠯᠠᠬᠤ ᠪᠣᠯᠤᠨ᠎ᠠ᠃ ᠡᠭᠦᠨ ᠠᠴᠠ ᠭᠠᠳᠠᠨ᠎ᠠ᠂ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠤᠨ ᠢᠲᠡᠭᠡᠮᠵᠢ ᠣᠯᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠠᠭᠠᠯᠳᠤᠨ᠂ ᠭᠠᠳᠠᠭᠠᠳᠤ ᠠᠴᠠ ᠣᠷᠣᠭᠤᠯᠤᠭᠰᠠᠨ ᠤ ᠳᠠᠷᠠᠭᠠᠬᠢ ᠥᠯᠢᠭᠡᠷ ᠠᠪᠬᠤ ᠰᠢᠨᠵᠢᠯᠡᠨ ᠰᠢᠯᠭᠠᠬᠤ ᠬᠠᠷᠢᠴᠠᠯ ᠢ ᠪᠠᠭᠤᠷᠠᠭᠤᠯᠵᠤ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠣᠭᠤᠮᠲᠠ ᠪᠠᠷ ᠥᠩᠭᠡᠷᠡᠬᠦ ᠴᠠᠭ ᠢ ᠶᠡᠭᠡ ᠪᠠᠷ ᠪᠣᠭᠤᠨᠢᠰᠬᠠᠵᠤ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠠᠰᠬᠠᠪᠠ᠃
   ᠡᠷᠢᠶᠡᠨ ᠪᠣᠭᠤᠮᠲᠠ ᠶᠢᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠺᠧ ᠯᠦᠸᠧ ᠵᠢᠩ᠄ ︽ᠲᠠᠷᠠᠭᠠᠴᠢ ᠶᠢᠨ ᠠᠯᠬᠤᠮ ᠳᠤ᠂ ᠮᠠᠨ ᠤ ᠪᠣᠭᠤᠮᠲᠠ ᠦᠷᠭᠦᠯᠵᠢᠯᠡᠨ ᠣᠯᠠᠨ ᠠᠷᠭ᠎ᠠ ᠵᠠᠮ ᠢᠶᠠᠷ ᠳᠠᠮᠵᠢᠭᠤᠯᠤᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠭᠤᠶᠤᠴᠢᠯᠠᠨ ᠮᠡᠳᠡᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠥᠷᠭᠡᠨ ᠣᠯᠠᠨ ᠨᠡᠭᠦᠷᠡᠰᠦ ᠭᠠᠳᠠᠭᠠᠳᠤ ᠠᠴᠠ ᠣᠷᠣᠭᠤᠯᠬᠤ ᠠᠵᠤ ᠠᠬᠤᠶᠢᠯᠠᠯ ᠳᠤ ᠭᠠᠶᠢᠯᠢ ᠲᠠᠲᠠᠪᠤᠷᠢ ᠶᠢᠨ ᠥᠭᠡᠷᠡᠴᠢᠯᠡᠯᠲᠡ ᠶᠢᠨ ᠠᠰᠢᠭ ᠲᠤᠰᠠ ᠶᠢ ᠭᠦᠢᠴᠡᠳ ᠬᠦᠷᠲᠡᠭᠡᠵᠦ᠂ ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠶᠢ ᠤᠯᠠᠮ ᠨᠢᠭᠡ ᠠᠯᠬᠤᠮ ᠬᠥᠭᠵᠢᠭᠦᠯᠬᠦ ᠳᠤ ᠬᠦᠴᠦᠨ ᠨᠡᠮᠡᠷᠢᠯᠡᠨ᠎ᠡ︾ ᠭᠡᠵᠦ ᠬᠡᠯᠡᠪᠡ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号