| | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠭᠰᠢ | ᠰᠤᠷᠤᠭᠴᠢᠳ ᠤᠨ ᠠᠬᠠᠮᠠᠳ ᠦᠶ᠎ᠡ ᠶᠢᠨ ᠬᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢ ᠵᠣᠷᠢᠭᠵᠢᠭᠤᠯᠵᠤ᠂ | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠡᠭᠦᠷᠭᠡᠲᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ | ᠴᠢᠩᠭᠠᠳᠬᠠᠬᠤ ᠶᠢᠨ ᠳᠣᠯᠠᠳᠠ᠂ 5 ᠰᠠᠷ᠎ᠠ ᠶᠢᠨ 22 ᠤᠨ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠠᠴᠠ ᠬᠤᠲᠠ ᠶᠢᠨ | ᠬᠤᠶᠠᠳᠤᠭᠠᠷ ᠪᠠᠭ᠎ᠠ ᠰᠤᠷᠭᠠᠭᠤᠯᠢ ᠶᠢᠨ 2022 ᠣᠨ ᠤ ᠨᠢᠭᠡᠳᠦᠭᠡᠷ ᠪᠦᠯᠦᠭ ᠤᠨ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠤᠯᠤᠰ ᠤᠨ ᠡᠭᠦᠳᠡᠨ ᠳᠤ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠤᠨ ᠰᠠᠭᠤᠷᠢᠨ ᠭᠠᠵᠠᠷ ᠲᠤ ᠰᠢᠨ᠎ᠡ ᠭᠡᠰᠢᠭᠦᠳ ᠤᠨ ᠠᠩᠭᠢ ᠳᠤ ᠣᠷᠣᠬᠤ ᠶᠣᠰᠣᠯᠠᠯ ᠶᠠᠪᠤᠭᠤᠯᠪᠠ᠃ | | | | ᠰᠢᠨ᠎ᠡ ᠭᠡᠰᠢᠭᠦᠳ ᠤᠯᠤᠰ ᠤᠨ ᠡᠭᠦᠳᠡᠨ ᠠᠴᠠ ᠡᠮᠦᠨ᠎ᠡ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠮᠡᠳᠡᠭᠦᠯᠦᠯᠲᠡ ᠶᠢ ᠰᠣᠨᠣᠰᠪᠠ | | | | ᠳᠡᠭᠡᠳᠦ ᠣᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠪᠡ | | ᠲᠤᠰ ᠡᠳᠦᠷ᠂ ᠰᠦᠷ ᠵᠢᠪᠬᠤᠯᠠᠩᠲᠤ ᠠᠩᠭᠢ ᠶᠢᠨ ᠲᠤᠭ ᠤᠨ ᠳᠣᠣᠷ᠎ᠠ᠂ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠴᠡᠭᠡᠵᠢ ᠲᠡᠨᠢᠢᠨ ᠬᠠᠨᠳᠤᠵᠤ᠂ ᠳᠡᠭᠡᠳᠦ ᠣᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ | ᠲᠤ ᠤᠯᠠᠭᠠᠨ ᠪᠦᠴᠡ ᠵᠡᠭᠦᠯᠭᠡᠵᠦ᠂ ᠬᠢᠵᠠᠭᠠᠯᠠᠰᠢ ᠦᠭᠡᠢ ᠢᠷᠠᠭᠤ ᠠᠯᠳᠠᠷ ᠰᠢᠨ᠎ᠡ ᠠᠩᠭᠢ ᠶᠢᠨ ᠭᠡᠰᠢᠭᠦᠳ ᠤᠨ ᠰᠡᠳᠬᠢᠯ ᠳᠤ | ᠬᠠᠳᠠᠩᠰᠢᠪᠠ᠃ ᠳᠠᠷᠠᠭ᠎ᠠ ᠨᠢ᠂ ᠪᠦᠬᠦ ᠰᠢᠨ᠎ᠡ ᠭᠡᠰᠢᠭᠦᠳ ᠲᠥᠪ ᠴᠢᠩᠭ᠎ᠠ ᠪᠠᠷ ᠲᠠᠩᠭᠠᠷᠢᠭᠯᠠᠵᠤ᠂ ᠡᠷᠡᠰ ᠴᠢᠩᠭ᠎ᠠ | ᠲᠠᠩᠭᠠᠷᠢᠭ ᠤᠨ ᠳᠠᠭᠤᠨ ᠤᠯᠤᠰ ᠤᠨ ᠡᠭᠦᠳᠡᠨ ᠳᠤ ᠴᠤᠤᠷᠢᠶᠠᠲᠤᠪᠠ᠂ ᠡᠨᠡ ᠪᠣᠯ ᠪᠠᠭᠠᠴᠤᠳ ᠤᠨ ᠬᠤᠰᠢᠭᠤᠴᠢ ᠠᠩᠭᠢ ᠶᠢᠨ | ᠭᠡᠰᠢᠭᠦᠳ ᠤᠨ ᠬᠦᠰᠡᠯᠡᠩ ᠮᠥᠨ᠂ ᠪᠠᠰᠠ ᠴᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠢᠷᠡᠭᠡᠳᠦᠶ ᠶᠢᠨ | ᠴᠢᠷᠮᠠᠶᠢᠬᠤ ᠴᠢᠭᠯᠡᠯ ᠮᠥᠨ᠂ ᠨᠠᠩ ᠴᠤ ᠠᠩᠭᠢ ᠶᠢᠨ ᠭᠡᠰᠢᠭᠦᠳ ᠤᠨ ᠵᠣᠬᠢᠶᠠᠨ ᠪᠠᠶᠢᠭᠤᠯᠤᠯᠲᠠ ᠳᠤ ᠭᠠᠷᠭᠠᠭᠰᠠᠨ ᠲᠥᠪ | ᠴᠢᠩᠭ᠎ᠠ ᠠᠮᠠᠯᠠᠯᠲᠠ ᠮᠥᠨ︕ | | | | ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠯᠤᠰ ᠤᠨ ᠡᠭᠦᠳᠡᠨ ᠤ ᠬᠥᠰᠢᠶ᠎ᠡ ᠶᠢᠨ ᠤᠯᠤᠰ ᠢᠶᠠᠨ | ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠪᠡ | | ᠵᠢᠭᠰᠠᠭᠠᠯ ᠳᠤ ᠣᠷᠣᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠩᠭᠢ ᠶᠢᠨ ᠭᠡᠰᠢᠭᠦᠳ ᠪᠠᠰᠠ ᠤᠯᠤᠰ ᠤᠨ | ᠡᠭᠦᠳᠡᠨ ᠤ ᠬᠥᠰᠢᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ | ᠦᠵᠡᠵᠦ᠂ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠴᠠᠭᠳᠠᠭᠤᠯ ᠨᠣᠬᠠᠢ ᠶᠢᠨ ᠪᠣᠯᠪᠠᠰᠤᠷᠠᠯ ᠤᠨ ᠲᠣᠭᠯᠠᠯᠲᠠ ᠶᠢ | ᠰᠣᠨᠢᠷᠬᠠᠪᠠ᠃ | |