ᠤᠯᠠᠭᠠᠨ ᠪᠦᠴᠡ ᠨᠠᠮᠢᠯᠵᠠᠶ᠎ᠠ︕ ᠪᠠᠭ᠎ᠠ ᠰᠤᠷᠭᠠᠭᠤᠯᠢ ᠶᠢᠨ ᠰᠢᠨ᠎ᠡ ᠠᠩᠭᠢ ᠶᠢᠨ ᠬᠤᠰᠢᠭᠤᠴᠢ ᠠᠩᠬᠢ  ᠳᠤ ᠣᠷᠣᠬᠤ ᠶᠣᠰᠣᠯᠠᠯ ᠤᠯᠤᠰ ᠤᠨ ᠡᠭᠦᠳᠡᠨ ᠳᠠᠬᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠶᠠᠪᠤᠭᠳᠠᠪᠠ
ᠨᠡᠶᠢᠲᠡᠯᠡᠭᠰᠡᠨ ᠴᠠᠭ᠄
2023/5/25
    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠠᠭᠰᠢ ᠰᠤᠷᠤᠭᠴᠢᠳ ᠤᠨ ᠠᠬᠠᠮᠠᠳ ᠦᠶ᠎ᠡ ᠶᠢᠨ ᠬᠢᠨ ᠤ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠬᠤ ᠶᠢ ᠵᠣᠷᠢᠭᠵᠢᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠡᠭᠦᠷᠭᠡᠲᠦ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ ᠶᠢ ᠴᠢᠩᠭᠠᠳᠬᠠᠬᠤ ᠶᠢᠨ ᠳᠣᠯᠠᠳᠠ᠂ 5 ᠰᠠᠷ᠎ᠠ ᠶᠢᠨ 22 ᠤᠨ ᠡᠳᠦᠷ᠂ ᠬᠤᠲᠠ ᠶᠢᠨ ᠡᠪᠯᠡᠯ ᠤᠨ ᠬᠤᠷᠢᠶ᠎ᠠ ᠠᠴᠠ ᠬᠤᠲᠠ ᠶᠢᠨ ᠬᠤᠶᠠᠳᠤᠭᠠᠷ ᠪᠠᠭ᠎ᠠ ᠰᠤᠷᠭᠠᠭᠤᠯᠢ ᠶᠢᠨ 2022 ᠣᠨ ᠤ ᠨᠢᠭᠡᠳᠦᠭᠡᠷ ᠪᠦᠯᠦᠭ ᠤᠨ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠢ ᠵᠣᠬᠢᠶᠠᠨ ᠪᠠᠶᠢᠭᠤᠯᠵᠤ ᠤᠯᠤᠰ ᠤᠨ ᠡᠭᠦᠳᠡᠨ ᠳᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠲᠤ ᠰᠢᠨ᠎ᠡ ᠭᠡᠰᠢᠭᠦᠳ ᠤᠨ ᠠᠩᠭᠢ ᠳᠤ ᠣᠷᠣᠬᠤ ᠶᠣᠰᠣᠯᠠᠯ ᠶᠠᠪᠤᠭᠤᠯᠪᠠ᠃    
  ᠰᠢᠨ᠎ᠡ ᠭᠡᠰᠢᠭᠦᠳ ᠤᠯᠤᠰ ᠤᠨ ᠡᠭᠦᠳᠡᠨ ᠠᠴᠠ ᠡᠮᠦᠨ᠎ᠡ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠮᠡᠳᠡᠭᠦᠯᠦᠯᠲᠡ ᠶᠢ ᠰᠣᠨᠣᠰᠪᠠ    
 ᠳᠡᠭᠡᠳᠦ ᠣᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠪᠡ    ᠲᠤᠰ ᠡᠳᠦᠷ᠂ ᠰᠦᠷ ᠵᠢᠪᠬᠤᠯᠠᠩᠲᠤ ᠠᠩᠭᠢ ᠶᠢᠨ ᠲᠤᠭ ᠤᠨ ᠳᠣᠣᠷ᠎ᠠ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠴᠡᠭᠡᠵᠢ ᠲᠡᠨᠢᠢᠨ ᠬᠠᠨᠳᠤᠵᠤ᠂ ᠳᠡᠭᠡᠳᠦ ᠣᠨ ᠤ ᠰᠢᠯᠢᠳᠡᠭ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠲᠤ ᠤᠯᠠᠭᠠᠨ ᠪᠦᠴᠡ ᠵᠡᠭᠦᠯᠭᠡᠵᠦ᠂ ᠬᠢᠵᠠᠭᠠᠯᠠᠰᠢ ᠦᠭᠡᠢ ᠢᠷᠠᠭᠤ ᠠᠯᠳᠠᠷ ᠰᠢᠨ᠎ᠡ ᠠᠩᠭᠢ ᠶᠢᠨ ᠭᠡᠰᠢᠭᠦᠳ ᠤᠨ ᠰᠡᠳᠬᠢᠯ ᠳᠤ ᠬᠠᠳᠠᠩᠰᠢᠪᠠ᠃ ᠳᠠᠷᠠᠭ᠎ᠠ ᠨᠢ᠂ ᠪᠦᠬᠦ ᠰᠢᠨ᠎ᠡ ᠭᠡᠰᠢᠭᠦᠳ ᠲᠥᠪ ᠴᠢᠩᠭ᠎ᠠ ᠪᠠᠷ ᠲᠠᠩᠭᠠᠷᠢᠭᠯᠠᠵᠤ᠂ ᠡᠷᠡᠰ ᠴᠢᠩᠭ᠎ᠠ ᠲᠠᠩᠭᠠᠷᠢᠭ ᠤᠨ ᠳᠠᠭᠤᠨ ᠤᠯᠤᠰ ᠤᠨ ᠡᠭᠦᠳᠡᠨ ᠳᠤ ᠴᠤᠤᠷᠢᠶᠠᠲᠤᠪᠠ ᠂ ᠡᠨᠡ ᠪᠣᠯ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠬᠦᠰᠡᠯᠡᠩ ᠮᠥᠨ᠂ ᠪᠠᠰᠠ ᠴᠤ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠨ ᠢᠷᠡᠭᠡᠳᠦᠶ ᠶᠢᠨ ᠴᠢᠷᠮᠠᠶᠢᠬᠤ ᠴᠢᠭᠯᠡᠯ ᠮᠥᠨ᠂ ᠨᠠᠩ ᠴᠤ ᠠᠩᠭᠢ ᠶᠢᠨ ᠭᠡᠰᠢᠭᠦᠳ ᠤᠨ ᠵᠣᠬᠢᠶᠠᠨ ᠪᠠᠶᠢᠭᠤᠯᠤᠯᠲᠠ ᠳᠤ ᠭᠠᠷᠭᠠᠭᠰᠠᠨ ᠲᠥᠪ ᠴᠢᠩᠭ᠎ᠠ ᠠᠮᠠᠯᠠᠯᠲᠠ ᠮᠥᠨ︕
   ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ᠤᠯᠤᠰ ᠤᠨ ᠡᠭᠦᠳᠡᠨ ᠤ ᠬᠥᠰᠢᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠪᠡ    ᠵᠢᠭᠰᠠᠭᠠᠯ ᠳᠤ ᠣᠷᠣᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠩᠭᠢ ᠶᠢᠨ ᠭᠡᠰᠢᠭᠦᠳ ᠪᠠᠰᠠ ᠤᠯᠤᠰ ᠤᠨ ᠡᠭᠦᠳᠡᠨ ᠤ ᠬᠥᠰᠢᠶ᠎ᠡ ᠶᠢᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠲᠣᠭᠤᠷᠢᠨ ᠦᠵᠡᠵᠦ᠂ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠴᠠᠭᠳᠠᠭᠤᠯ ᠨᠣᠬᠠᠢ ᠶᠢᠨ ᠪᠣᠯᠪᠠᠰᠤᠷᠠᠯ ᠤᠨ ᠲᠣᠭᠯᠠᠯᠲᠠ ᠶᠢ ᠰᠣᠨᠢᠷᠬᠠᠪᠠ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号