ᠮᠠᠨ ᠤ ᠬᠤᠲᠠ ᠮᠣᠩᠭᠤᠯ ᠤᠯᠤᠰ ᠤᠨ ᠵᠠᠮ ᠤᠨ ᠡᠭᠦᠳᠡ ᠶᠢᠨ ᠠᠶᠢᠯᠴᠢᠯᠠᠬᠤ ᠪᠦᠯᠬᠦᠮ ᠲᠠᠢ ᠶᠠᠷᠢᠯᠴᠠᠪᠠ
ᠨᠡᠶᠢᠲᠡᠯᠡᠭᠰᠡᠨ ᠴᠠᠭ᠄
2023/5/26
                        5 ᠰᠠᠷ᠎ᠠ ᠶᠢᠨ 23 ᠤ ᠡᠳᠦᠷ᠂ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠶᠢᠨ ᠢᠷᠭᠡᠨ ᠤ ᠵᠦᠪᠯᠡᠯ ᠤᠨ ᠲᠡᠷᠢᠭᠦᠯᠡᠭᠴᠢ ᠨᠠ᠊ · ᠠᠯᠳᠠᠷᠪᠠᠶᠠᠷ ᠨᠠᠷ ᠮᠠᠨ ᠤ ᠬᠤᠲᠠ ᠳᠤ ᠠᠶᠢᠯᠴᠢᠯᠠᠬᠤ ᠪᠠᠷ ᠢᠷᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ ᠵᠢᠶᠧ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠢᠯᠢᠨᠪᠠᠭᠠᠳᠣᠷ ᠲᠥᠯᠥᠭᠡᠯᠡᠭᠴᠢᠳ ᠤᠨ ᠪᠦᠯᠬᠦᠮ ᠲᠠᠢ ᠠᠭᠤᠯᠵᠠᠪᠠ᠃
  ᠬᠤᠶᠠᠷ ᠲᠠᠯ᠎ᠠ ᠪᠠᠷ ᠢᠶᠠᠨ ᠬᠢᠯᠢ ᠬᠢᠵᠠᠭᠠᠷ ᠣᠷᠣᠨ ᠤ ᠠᠷᠠᠯᠵᠢᠶᠠᠴᠢᠨ᠂ ᠬᠢᠯᠢ ᠶᠢᠨ ᠠᠷᠠᠳ ᠤᠨ ᠥᠪᠡᠷ ᠢᠶᠠᠨ ᠲᠡᠷᠭᠡ ᠵᠢᠯᠣᠭᠤᠳᠤᠨ ᠪᠣᠭᠤᠮᠲᠠ ᠥᠩᠭᠡᠷᠡᠬᠦ ᠵᠢᠴᠢ ᠵᠠᠮ ᠤᠨ ᠡᠭᠦᠳᠡ ᠶᠢᠨ ᠵᠠᠰᠠᠮᠠᠯ ᠵᠠᠮ ᠤᠨ ᠪᠣᠭᠤᠮᠲᠠ ᠶᠢᠨ ᠰᠤᠯᠠ ᠠᠴᠢᠶᠠᠯᠠᠭᠰᠠᠨ ᠪᠠᠷᠠᠭ᠎ᠠ ᠲᠡᠭᠡᠭᠡᠪᠦᠷᠢᠯᠡᠬᠦ ᠵᠡᠷᠭᠡ ᠬᠠᠮᠢᠶ᠎ᠠ ᠪᠥᠬᠦᠶ ᠶᠠᠪᠤᠳᠠᠯ ᠤᠨ ᠲᠤᠬᠠᠶ ᠰᠠᠨᠠᠯ ᠢᠶᠠᠨ ᠰᠣᠯᠢᠯᠴᠠᠪᠠ᠃    ᠮᠣᠩᠭᠤᠯ ᠤᠯᠤᠰ ᠤᠨ ᠬᠢᠯᠢ ᠶᠢᠨ ᠪᠣᠭᠤᠮᠲᠠ ᠶᠢᠨ ᠰᠤᠯᠠ ᠠᠴᠢᠶᠠᠯᠠᠭᠰᠠᠨ ᠡᠳ᠋ ᠪᠠᠷᠠᠭ᠎ᠠ ᠲᠡᠭᠡᠭᠡᠪᠦᠷᠢᠯᠡᠬᠦ ᠵᠢᠴᠢ ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠶᠠᠪᠤᠴᠠ ᠳᠤ ᠪᠠᠴᠢᠮ ᠰᠢᠢᠳᠪᠦᠷᠢᠯᠡᠬᠦ ᠴᠢᠬᠤᠯᠠᠲᠠᠢ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠵᠠᠩ ᠶᠢᠩ ᠵᠢᠶᠧ ᠬᠠᠷᠢᠭᠤ ᠥᠭᠪᠡ᠃ ᠲᠡᠷᠡ᠂ ᠳᠤᠮᠳᠠᠳᠤ ᠮᠣᠩᠭᠤᠯ ᠤᠨ ᠬᠢᠯᠢ ᠶᠢᠨ ᠪᠣᠭᠤᠮᠲᠠ ᠶᠢᠨ ᠬᠢᠯᠢ ᠠᠯᠤᠰᠯᠠᠭᠰᠠᠨ ᠡᠳ᠋ ᠪᠠᠷᠠᠭ᠎ᠠ ᠶᠢᠨ ᠲᠡᠭᠡᠭᠡᠪᠦᠷᠢ ᠳᠤ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ᠂ ᠲᠡᠭᠡᠭᠡᠪᠦᠷᠢ ᠶᠢᠨ ᠠᠷᠭ᠎ᠠ ᠮᠠᠶ᠋ᠢᠭ᠂ ᠲᠠᠯᠠᠪᠤᠷ ᠭᠠᠵᠠᠷ ᠤᠨ ᠲᠣᠬᠢᠷᠠᠭᠤᠯᠤᠯᠲᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠬᠤᠶᠠᠷ ᠲᠠᠯ᠎ᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠪᠠᠰᠠ ᠤᠯᠠᠮ ᠨᠢᠭᠡ ᠠᠯᠬᠤᠮ ᠨᠡᠪᠲᠡᠷᠡᠯᠴᠡᠨ ᠵᠣᠯᠭᠠᠭᠤᠯᠵᠤ᠂ ᠬᠠᠮᠢᠶ᠎ᠠ ᠪᠥᠬᠦᠶ ᠤᠴᠢᠷ ᠶᠠᠪᠤᠳᠠᠯ ᠢ ᠵᠥᠪᠳᠡᠯᠴᠡᠨ᠂ ᠢᠳᠡᠪᠬᠢᠲᠡᠶ ᠰᠤᠳᠤᠯᠤᠨ ᠰᠢᠢᠳᠪᠦᠷᠢᠯᠡᠵᠦ᠂ ᠳᠤᠮᠳᠠᠳᠤ ᠮᠣᠩᠭᠤᠯ ᠤᠨ ᠪᠣᠭᠤᠮᠲᠠ ᠶᠢᠨ ᠠᠵᠤ ᠠᠬᠤᠶᠢᠯᠠᠯ ᠤᠨ ᠰᠤᠯᠠ ᠰᠠᠪᠠᠯᠠᠭᠰᠠᠨ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠩᠭᠠᠬᠤ ᠴᠢᠬᠤᠯᠠᠲᠠᠶ ᠪᠠᠶᠢᠨ᠎ᠠ᠃ ᠬᠤᠶᠠᠷ ᠲᠠᠯ᠎ᠠ ᠪᠠᠷ ᠢᠶᠠᠨ 8 ᠰᠠᠭᠤᠳᠠᠯ ᠠᠴᠠ ᠳᠣᠷᠣᠭᠰᠢᠬᠢ ᠬᠤᠪᠢ ᠶᠢᠨ ᠲᠡᠷᠭᠡ ᠵᠢᠯᠣᠭᠤᠳᠴᠤ ᠨᠡᠪᠲᠡᠷᠡᠬᠦ ᠬᠠᠮᠢᠶᠠᠷᠤᠯᠲᠠ ᠶᠢᠨ ᠠᠷᠭ᠎ᠠ ᠶᠢ ᠬᠠᠮᠲᠤ ᠪᠠᠷ ᠵᠥᠪᠯᠡᠨ ᠲᠣᠭᠲᠠᠭᠠᠵᠤ᠂ ᠣᠳᠣᠬᠠᠨ ᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠨᠠᠩ ᠲᠦᠷᠭᠡᠨ ᠨᠠᠩ ᠰᠠᠶᠢᠲᠤᠷ ᠠᠬᠢᠭᠤᠯᠵᠤ᠂ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠪᠣᠭᠤᠮᠲᠠ ᠪᠠᠷ ᠣᠷᠣᠵᠤ ᠭᠠᠷᠬᠤ ᠳᠤ ᠨᠠᠩ ᠣᠯᠠᠨ ᠲᠥᠬᠦᠮ ᠦᠵᠡᠭᠦᠯᠵᠦ᠂ ᠬᠤᠶᠠᠷ ᠤᠯᠤᠰ ᠤᠨ ᠵᠢᠭᠤᠯᠴᠢᠯᠠᠯ᠂ ᠠᠵᠤ ᠠᠬᠤᠶ ᠠᠷᠠᠯᠵᠢᠶᠠᠨ ᠤ ᠲᠦᠷᠭᠡᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠶ᠃    ᠲᠡᠷᠡ · ᠠᠯᠳᠠᠷᠪᠠᠶᠠᠷ ᠢᠯᠡᠷᠬᠡᠶᠢᠯᠡᠬᠦ ᠳᠡᠭᠡᠨ᠂ ᠳᠤᠮᠳᠠᠳᠤ ᠤᠯᠤᠰ ᠤᠨ ᠳᠤᠷᠠᠳᠤᠭᠰᠠᠨ ᠰᠠᠨᠠᠯ ᠰᠠᠨᠠᠭᠤᠯᠭ᠎ᠠ ᠳᠤ ᠴᠢᠭᠯᠡᠭᠦᠯᠦᠨ᠂ ᠰᠢᠢᠳᠪᠦᠷᠢᠯᠡᠬᠦ ᠲᠥᠰᠦᠯ ᠢ ᠬᠢᠨᠠᠮᠠᠭᠠᠶ ᠰᠤᠳᠤᠯᠵᠤ᠂ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠶᠠᠪᠤᠭᠳᠠᠬᠤ ᠶᠢ ᠬᠠᠮᠲᠤ ᠪᠠᠷ ᠠᠬᠢᠭᠤᠯᠤᠨ᠎ᠠ ᠭᠡᠵᠡᠶ    ᠬᠤᠶᠠᠷ ᠲᠠᠯ᠎ᠠ ᠪᠠᠷ ᠢᠶᠠᠨ ᠪᠠᠰᠠ ᠪᠤᠰᠤᠳ ᠶᠠᠪᠤᠳᠠᠯ ᠤᠨ ᠲᠤᠬᠠᠢ ᠬᠡᠯᠡᠯᠴᠡᠭᠡ ᠬᠢᠵᠡᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号