| | 5 ᠰᠠᠷ᠎ᠠ ᠶᠢᠨ 25 ᠤ ᠡᠳᠦᠷ᠂ ᠾᠧᠪᠧᠢ ᠮᠤᠵᠢ ᠶᠢᠨ ᠲᠠᠩᠱᠠᠨ ᠬᠤᠲᠠ ᠶᠢᠨ ᠼᠤᠤ ᠹᠸᠢ ᠳ᠋ᠢᠶᠠᠨ | ᠲᠣᠭᠤᠷᠢᠭ ᠤᠨ ᠭᠠᠷᠠᠮ ᠤᠨ ᠬᠤᠳᠠᠯᠳᠤᠭᠠᠨ ᠤ ᠶᠠᠪᠤᠳᠠᠯ ᠤᠨ ᠠᠵᠤ ᠠᠬᠤᠶ ᠶᠢᠨ ᠲᠣᠭᠤᠷᠢᠭ ᠪᠣᠯᠤᠨ ᠱᠤᠸᠠᠩ ᠵᠢᠩ | ᠪᠠᠯᠭᠠᠰᠤᠨ ᠤ ᠰᠢᠨᠵᠢᠯᠡᠨ ᠪᠠᠶᠢᠴᠠᠭᠠᠬᠤ ᠪᠦᠯᠬᠦᠮ ᠮᠠᠨ ᠤ ᠬᠤᠲᠠ ᠳᠤ ᠢᠷᠡᠵᠦ ᠰᠢᠨᠵᠢᠯᠡᠨ ᠪᠠᠶᠢᠴᠠᠭᠠᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠶᠢᠩ | ᠵᠢᠶᠧ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠥᠭᠵᠢᠭᠦᠯᠦᠯᠲᠡ ᠥᠭᠡᠷᠡᠴᠢᠯᠡᠯᠲᠡ᠂ ᠬᠤᠳᠠᠯᠳᠤᠭᠠᠨ ᠤ | ᠶᠠᠪᠤᠳᠠᠯ᠂ ᠬᠢᠯᠢ ᠬᠢᠵᠠᠭᠠᠷ ᠣᠷᠣᠨ ᠤ ᠬᠠᠮᠲᠤᠷᠠᠯᠴᠠᠭᠠᠨ ᠤ ᠲᠣᠭᠤᠷᠢᠭ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ | ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠲᠤᠰ ᠭᠠᠵᠠᠷ ᠤᠨ ᠦᠨᠳᠦᠰᠦᠨ ᠪᠠᠶᠢᠳᠠᠯ᠂ ᠭᠠᠵᠠᠷ | ᠣᠷᠣᠨ ᠤ ᠳᠠᠪᠠᠭᠤᠯᠢᠭ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ | ᠭᠦᠢᠯᠭᠡᠭᠡ᠂ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠡᠳ᠋ᠰᠢᠭᠦᠯᠦᠯᠲᠡ᠂ ᠵᠤᠭᠠᠴᠠᠯ ᠤᠨ ᠦᠢᠯᠡᠰ ᠤᠨ | ᠬᠥᠭᠵᠢᠯᠲᠡ ᠵᠡᠷᠭᠡ ᠲᠠᠯ᠎ᠠ ᠪᠠᠷ ᠨᠠᠷᠢᠨ ᠨᠢᠭᠲᠠ ᠲᠠᠨᠢᠯᠴᠠᠭᠤᠯᠵᠤ᠂ ᠬᠤᠶᠠᠷ ᠲᠠᠯ᠎ᠠ ᠶᠢᠨ ᠠᠩᠬᠠᠷᠴᠤ ᠪᠠᠶᠢᠭ᠎ᠠ | ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ | ᠵᠠᠩ ᠶᠢᠩ ᠵᠢᠶᠧ ᠰᠢᠨᠵᠢᠯᠡᠨ ᠪᠠᠶᠢᠴᠠᠭᠠᠬᠤ ᠪᠦᠯᠬᠦᠮ ᠤᠨ ᠮᠠᠨ ᠤ ᠬᠤᠳᠠ ᠳᠤ ᠰᠢᠨᠵᠢᠯᠡᠨ ᠪᠠᠶᠢᠴᠠᠭᠠᠬᠤ ᠪᠠᠷ | ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ᠂ ᠡᠷᠢᠶᠡᠨ ᠬᠤᠲᠠ ᠨᠢ ᠤᠯᠤᠰ ᠤᠨ ︽ᠨᠢᠭᠡ | ᠪᠦᠰᠡ ᠨᠢᠭᠡ ᠵᠠᠮ︾ ᠤᠨ ᠳᠤᠮᠳᠠ ᠨᠡᠪᠲᠡᠷᠡᠬᠦ ᠵᠠᠮ ᠪᠣᠯᠤᠭᠰᠠᠨ ᠤ ᠬᠤᠪᠢ ᠳᠤ᠂ ᠭᠠᠳᠠᠭᠰᠢ ᠠᠽᠢᠶ᠎ᠠ ᠧᠦ᠋ᠷᠣᠫᠠ ᠶᠢᠨ | ᠡᠬᠡ ᠬᠠᠭᠤᠷᠠᠶ ᠶᠢᠨ ᠬᠥᠭᠦᠷᠭᠡ ᠪᠠᠶᠢᠵᠤ᠂ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠠᠴᠠ ᠬᠠᠮᠤᠭ ᠤᠨ | ᠣᠶᠢᠷ᠎ᠠ ᠪᠠᠶᠢᠭ᠎ᠠ ᠪᠣᠭᠤᠮᠲᠠ ᠪᠣᠯᠬᠤ ᠪᠥᠭᠡᠳ ᠤᠮᠠᠷᠠᠲᠤ ᠣᠷᠣᠨ ᠪᠠ ᠪᠠᠷᠠᠭᠤᠨ ᠬᠤᠶᠢᠲᠤ ᠶᠢᠨ ᠵᠠᠬ᠎ᠠ ᠳᠡᠯᠭᠡᠭᠦᠷ ᠲᠠᠢ | ᠰᠢᠭᠤᠳ ᠬᠤᠯᠪᠣᠵᠤ᠂ ᠣᠷᠣᠨ ᠪᠠᠶᠢᠷᠢ ᠶᠢᠨ ᠳᠠᠪᠠᠭᠤᠯᠢᠭ ᠨᠢ ᠢᠯᠡᠷᠬᠡᠶ ᠪᠠᠶᠢᠳᠠᠭ᠃ ᠬᠤᠶᠠᠷ ᠭᠠᠵᠠᠷ ᠤᠨ | ᠰᠣᠯᠢᠯᠴᠠᠭ᠎ᠠ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠢ ᠭᠦᠨ ᠠᠭᠤᠳᠠᠯᠵᠤ᠂ | ᠬᠥᠭᠵᠢᠯᠲᠡ ᠶᠢᠨ ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠨᠡᠩ ᠨᠢᠭᠲᠠ ᠬᠠᠮᠲᠤᠷᠠᠯᠴᠠᠭᠠᠨ ᠤ ᠬᠠᠷᠢᠴᠠᠭ᠎ᠠ | ᠪᠠᠶᠢᠭᠤᠯᠵᠤ᠂ ᠬᠠᠮᠲᠤ ᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ | ᠭᠠᠷᠭᠠᠪᠠ᠃ | ᠰᠢᠨᠵᠢᠯᠡᠨ ᠪᠠᠶᠢᠴᠠᠭᠠᠬᠤ ᠪᠦᠯᠬᠦᠮ ᠠᠴᠠ᠂ ᠲᠣᠰ ᠤᠳᠠᠭᠠᠨ ᠤ ᠰᠢᠨᠵᠢᠯᠡᠨ ᠪᠠᠶᠢᠴᠠᠭᠠᠯᠲᠠ ᠪᠠᠷ ᠠᠵᠠ ᠲᠣᠬᠢᠶᠠᠯ | ᠪᠣᠯᠭᠠᠵᠤ᠂ ᠮᠠᠨ ᠤ ᠬᠤᠲᠠ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠬᠠᠷᠢᠯᠴᠠᠨ ᠯᠠᠪᠯᠠᠯᠲᠠ ᠪᠣᠯᠭᠠᠨ ᠰᠤᠷᠤᠯᠴᠠᠵᠤ᠂ ᠪᠣᠳᠠᠲᠠᠶ ᠶᠢ ᠡᠷᠬᠢᠮᠯᠡᠭᠰᠡᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠭᠠᠵᠠᠷ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠬᠠᠮᠲᠤᠪᠠᠷ ᠠᠬᠢᠭᠤᠯᠤᠨ᠎ᠠ ᠭᠡᠵᠦ ᠢᠯᠡᠷᠬᠡᠶᠢᠯᠡᠪᠡ᠃ | |