| 714 ᠺᠢᠯᠣᠮᠧᠲᠷ ᠤᠨ ᠬᠤᠯᠠ ᠵᠠᠮ᠂ 10 ᠮᠢᠨᠦ᠋ᠲ ᠰᠠᠭᠠᠳ ᠦᠭᠡᠢ ᠨᠡᠪᠳᠡᠷᠡᠴᠡ᠃ 5 ᠰᠠᠷ᠎ᠠ ᠶᠢᠨ 26 ᠤ ᠡᠳᠦᠷ᠂ | ᠳᠤᠮᠳᠠᠳᠤ ᠮᠣᠩᠭᠤᠯ ᠤᠨ ᠬᠠᠮᠤᠭ ᠤᠨ ᠲᠣᠮᠣ ᠬᠠᠭᠤᠷᠠᠢ ᠵᠠᠮ ᠤᠨ ᠪᠣᠭᠤᠮᠲᠠ - ᠡᠷᠢᠶᠡᠨ ᠬᠤᠲᠠ ᠳᠤ ᠤᠯᠤᠰ ᠠᠯᠤᠰᠯᠠᠭᠰᠠᠨ | ᠠᠮᠢ ᠨᠠᠰᠤᠨ ᠤ ᠶᠡᠭᠡ ᠠᠪᠤᠷᠠᠯᠲᠠ ᠬᠢᠵᠡᠢ᠃ | | | 5 ᠰᠠᠷ᠎ᠠ ᠶᠢᠨ 25 ᠤ ᠡᠳᠦᠷ ᠤᠨ 17 ᠴᠠᠭ ᠤᠨ ᠦᠶ᠎ᠡ ᠪᠠᠷ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠶᠢᠨ ᠵᠢᠯᠤᠭᠤᠳᠬᠤ ᠲᠥᠪ ᠠᠴᠠ ᠪᠣᠭᠤᠮᠲᠠ ᠶᠢᠨ ᠭᠠᠳᠠᠭᠠᠳᠤ | ᠶᠠᠪᠤᠳᠠᠯ ᠤᠨ ᠰᠠᠯᠠᠭ᠎ᠠ ᠮᠥᠴᠢᠷ ᠤᠨ ᠢᠷᠡᠭᠦᠯᠦᠭᠰᠡᠨ ᠤᠲᠠᠰᠤ ᠶᠢ ᠲᠤᠰᠴᠤ᠂ ᠡᠷᠢᠶᠡᠨ ᠪᠣᠭᠤᠮᠲᠠ ᠠᠴᠠ 714 ᠺᠢᠯᠣᠮᠧᠲᠷ | ᠵᠠᠶᠢᠲᠠᠢ ᠪᠠᠶᠢᠭ᠎ᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠳᠤ᠂ 5 ᠰᠠᠷ᠎ᠠ ᠲᠠᠢ ᠵᠢᠷᠮᠦᠰᠦᠨ ᠪᠦᠰᠡᠬᠦᠢ ᠶᠢᠨ | ᠪᠡᠶ᠎ᠡ ᠨᠢ ᠭᠡᠨᠡᠳᠳᠡ ᠡᠪ ᠦᠭᠡᠢ ᠪᠠᠶᠢᠵᠤ᠂ ᠲᠤᠬᠠᠢ ᠶᠢᠨ ᠭᠠᠵᠠᠷ ᠤᠨ ᠡᠮᠨᠡᠯᠭᠡ ᠶᠢᠨ ᠬᠤᠷᠢᠶᠠᠨ ᠳᠤ ᠪᠠᠶᠢᠴᠠᠭᠠᠯᠲᠠ ᠬᠢᠭᠰᠡᠨ ᠤ | ᠳᠠᠷᠠᠭ᠎ᠠ᠂ ᠪᠠᠶᠢᠳᠠᠯ ᠨᠢ ᠲᠡᠶᠢᠮᠦ ᠰᠠᠶᠢᠨ ᠪᠢᠰᠢ ᠪᠠᠶᠢᠵᠤ᠂ ᠡᠮᠴᠢ ᠨᠠᠷ ᠤᠯᠤᠰ ᠤᠨ ᠳᠣᠲᠣᠭᠠᠳᠤ ᠳᠤ ᠪᠠᠴᠢᠮ ᠰᠢᠯᠵᠢᠭᠦᠯᠦᠨ | ᠡᠮᠨᠡᠭᠦᠯᠬᠦ ᠰᠠᠨᠠᠭᠤᠯᠭ᠎ᠠ ᠭᠠᠷᠭᠠᠪᠠ᠃ ᠣᠳᠣ ᠶᠠᠭ ᠮᠣᠩᠭᠤᠯ ᠤᠨ ᠲᠠᠯ᠎ᠠ ᠶᠢᠨ ᠲᠦᠷᠭᠡᠨ ᠠᠪᠤᠷᠠᠬᠤ ᠲᠡᠷᠭᠡᠨ ᠳᠤ ᠰᠠᠭᠤᠵᠤ | ᠪᠣᠭᠤᠮᠲᠠ ᠳᠤ ᠬᠦᠷᠴᠦ ᠢᠷᠡᠬᠦ ᠪᠣᠯᠬᠤᠷ ᠵᠢᠱᠢᠯᠲᠡ ᠪᠠᠷ 26 ᠤ ᠡᠳᠦᠷ ᠤᠨ ᠥᠷᠯᠥᠭᠡ ᠶᠢᠨ 2 ᠴᠠᠭ ᠤᠨ ᠣᠷᠴᠢᠮ ᠢᠶᠠᠷ | ᠬᠦᠷᠴᠦ᠂ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ ᠮᠥᠴᠢᠷ ᠠᠴᠠ ᠪᠣᠭᠤᠮᠲᠠ ᠪᠠᠷ ᠥᠩᠭᠡᠷᠡᠬᠦ ᠳᠤ ᠳᠥᠭᠦᠮ ᠦᠵᠡᠭᠦᠯᠦᠭᠡᠷᠡᠢ | ᠭᠡᠨ᠎ᠡ᠃ | ᠳᠤᠮᠳᠠᠳᠤ ᠮᠣᠩᠭᠤᠯ ᠬᠤᠶᠠᠷ ᠤᠯᠤᠰ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠬᠡᠯᠡᠯᠴᠡᠭᠡᠷ ᠤᠨ ᠲᠣᠭᠲᠠᠭᠠᠯ ᠢ | ᠦᠨᠳᠦᠰᠦᠯᠡᠪᠡᠯ᠂ ᠬᠡᠪ ᠤᠨ ᠪᠠᠶᠢᠳᠠᠯ ᠳᠣᠣᠷ᠎ᠠ ᠬᠤᠶᠠᠷ ᠲᠠᠯ᠎ᠠ ᠶᠢᠨ ᠵᠠᠰᠠᠮᠠᠯ ᠵᠠᠮ ᠤᠨ ᠪᠣᠭᠤᠮᠲᠠ 18 ᠴᠠᠭ ᠲᠤ | ᠴᠠᠭ ᠲᠠᠭᠠᠨ ᠪᠣᠭᠤᠮᠲᠠ ᠬᠠᠭᠠᠵᠤ᠂ ᠬᠢᠯᠢ ᠪᠠᠷ ᠣᠷᠣᠵᠤ ᠭᠠᠷᠬᠤ ᠠᠯᠢᠪᠠ ᠠᠵᠢᠯᠯᠠᠭ᠎ᠠ ᠶᠢ ᠵᠣᠭᠰᠣᠭᠠᠨ᠎ᠠ᠃ ᠮᠣᠩᠭᠤᠯ ᠤᠨ | ᠲᠠᠯ᠎ᠠ ᠶᠢᠨ ᠲᠦᠷᠭᠡᠨ ᠠᠪᠤᠷᠠᠯᠲᠠ ᠶᠢᠨ ᠲᠡᠷᠭᠡ ᠵᠢᠱᠢᠯᠲᠡ ᠪᠠᠷ ᠬᠦᠷᠬᠦ ᠴᠠᠭ ᠨᠢ ᠬᠤᠶᠠᠷ ᠲᠠᠯ᠎ᠠ ᠶᠢᠨ ᠵᠠᠰᠠᠮᠠᠯ ᠵᠠᠮ ᠤᠨ | ᠪᠣᠭᠤᠮᠲᠠ ᠬᠠᠭᠠᠭᠰᠠᠨ ᠴᠠᠭ ᠲᠤ ᠬᠠᠷᠢᠶᠠᠯᠠᠭᠳᠠᠨ᠎ᠠ᠃ ᠪᠠᠶᠢᠳᠠᠯ ᠪᠠᠴᠢᠮ᠂ ᠴᠠᠭ ᠮᠦᠴᠡ ᠪᠦᠷᠢ ᠪᠦᠷ ᠠᠮᠢ ᠨᠠᠰᠤᠨ ᠤ ᠠᠮᠤᠷ | ᠲᠦᠪᠰᠢᠨ ᠲᠠᠢ ᠬᠤᠯᠪᠣᠭᠳᠠᠨ᠎ᠠ᠃ ᠤᠲᠠᠰᠤ ᠢᠷᠡᠭᠰᠡᠨ ᠤ ᠳᠠᠷᠠᠭ᠎ᠠ᠂ ᠡᠷᠢᠶᠡᠨ ᠬᠤᠲᠠ ᠶᠢᠨ ᠬᠢᠯᠢ ᠪᠠᠷ ᠣᠷᠣᠵᠤ ᠭᠠᠷᠬᠤ | ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠨᠢ ᠮᠣᠩᠭᠤᠯ ᠤᠯᠤᠰ ᠤᠨ ᠬᠢᠯᠢ ᠶᠢᠨ ᠪᠠᠶᠢᠴᠠᠭᠠᠯᠲᠠ ᠶᠢᠨ ᠰᠠᠯᠠᠭ᠎ᠠ | ᠮᠥᠴᠢᠷ ᠲᠤ ᠬᠠᠮᠢᠶ᠎ᠠ ᠪᠦᠬᠦᠢ ᠪᠠᠶᠢᠳᠠᠯ ᠢᠶᠠᠨ ᠪᠠᠴᠢᠮ ᠮᠡᠳᠡᠭᠳᠡᠵᠦ᠂ ᠡᠪᠡᠳᠴᠢᠲᠡᠨ ᠤ ᠲᠤᠰᠢᠶᠠᠬᠤ ᠪᠠ ᠬᠦᠯᠢᠶᠡᠨ ᠠᠪᠬᠤ | ᠶᠠᠪᠤᠳᠠᠯ ᠢ ᠵᠣᠬᠢᠴᠠᠭᠤᠯᠬᠤ ᠶᠢᠨ ᠬᠠᠮᠲᠤ ᠠᠪᠤᠷᠠᠨ ᠲᠤᠰᠠᠯᠠᠬᠤ ᠳᠤᠭᠤᠶᠢᠯᠠᠩ ᠪᠠᠶᠢᠭᠤᠯᠵᠤ᠂ ︽ᠰᠠᠭᠠᠳ ᠦᠭᠡᠢ ᠨᠡᠪᠲᠡᠷᠡᠬᠦ | ᠵᠠᠮ︾ ᠢ ᠨᠡᠭᠡᠭᠡᠵᠦ᠂ ᠠᠪᠤᠷᠠᠨ ᠲᠤᠰᠠᠯᠠᠬᠤ ᠪᠡᠯᠡᠳᠬᠡᠯ ᠠᠵᠢᠯ ᠢ ᠰᠠᠶᠢᠲᠤᠷ ᠬᠢᠪᠡ᠃ ᠵᠠᠮ ᠬᠤᠯᠠ ᠤᠴᠢᠷ ᠠᠴᠠ ᠰᠥᠨᠢ ᠪᠠᠷ | ᠠᠶᠠᠯᠠᠬᠤ ᠨᠢ ᠤᠳᠠᠭᠠᠨ ᠲᠤᠯᠠ ᠮᠣᠩᠭᠤᠯ ᠤᠨ ᠲᠠᠯ᠎ᠠ ᠶᠢᠨ ᠠᠪᠤᠷᠠᠯᠲᠠ ᠶᠢᠨ ᠲᠡᠷᠭᠡ ᠴᠠᠭ ᠠᠴᠠ 3 ᠴᠠᠭ ᠬᠤᠵᠢᠮᠳᠠᠵᠠᠢ᠃ | ᠥᠷᠯᠥᠭᠡ ᠶᠢᠨ 5 ᠴᠠᠭ 33 ᠮᠢᠨᠦ᠋ᠲ ᠲᠤ᠂ ᠮᠣᠩᠭᠤᠯ ᠤᠯᠤᠰ ᠤᠨ ᠲᠦᠷᠭᠡᠨ ᠠᠪᠤᠷᠠᠯᠲᠠ ᠶᠢᠨ ᠲᠡᠷᠭᠡ ᠤᠷᠢᠳᠴᠢᠯᠠᠨ | ᠲᠣᠭᠲᠠᠭᠰᠠᠨ ᠲᠤᠰᠢᠶᠠᠬᠤ ᠭᠠᠵᠠᠷ ᠲᠤ ᠣᠷᠣᠵᠤ᠂ ᠠᠷᠠᠳ ᠤᠨ ᠴᠠᠭᠳᠠᠭ᠎ᠠ ᠠᠪᠤᠷᠠᠨ ᠲᠤᠰᠠᠯᠠᠬᠤ ᠠᠵᠢᠯᠲᠠᠨ ᠡᠪᠡᠳᠴᠢᠲᠡᠨ ᠢ | ᠳᠤᠮᠳᠠᠳᠤ ᠤᠯᠤᠰ ᠤᠨ ᠲᠦᠷᠭᠡᠨ ᠠᠪᠤᠷᠠᠯᠲᠠ ᠶᠢᠨ ᠲᠡᠷᠭᠡᠨ ᠳᠤ ᠰᠢᠯᠵᠢᠭᠦᠯᠬᠦ ᠶᠢ ᠬᠢᠴᠢᠶᠡᠵᠦ ᠪᠠᠶᠢᠨ᠎ᠠ᠃ ᠡᠭᠦᠨ ᠤ ᠬᠠᠮᠲᠤ᠂ | ᠪᠠᠶᠢᠴᠠᠭᠠᠭᠴᠢ ᠠᠴᠠ ᠲᠤᠬᠠᠶ ᠶᠢᠨ ᠲᠠᠯᠠᠪᠤᠷ ᠲᠤ ᠬᠢᠯᠢ ᠪᠠᠷ ᠣᠷᠣᠵᠤ ᠢᠷᠡᠬᠦ ᠬᠥᠮᠦᠰ ᠤᠨ ᠦᠨᠡᠮᠯᠡᠯ ᠢ ᠦᠳᠲᠡᠷ ᠲᠦᠷᠭᠡᠨ | ᠬᠠᠷᠭᠤᠭᠤᠯᠵᠤ᠂ ᠡᠪᠡᠳᠴᠢᠲᠡᠨ ᠪᠠ ᠪᠠᠷ᠎ᠠ ᠪᠣᠯᠵᠣ ᠰᠤᠪᠢᠯᠠᠬᠤ ᠬᠥᠮᠦᠰ ᠲᠤ ᠪᠣᠭᠤᠮᠲᠠ ᠪᠠᠷ ᠥᠩᠭᠡᠷᠡᠬᠦ ᠪᠠᠴᠢᠮ ᠭᠠᠷᠳᠠᠮ | ᠬᠢᠵᠦ ᠥᠭᠪᠡ᠃ | 5 ᠴᠠᠭ 43 ᠮᠢᠨᠦ᠋ᠲ ᠲᠤ᠂ ᠲᠦᠷᠭᠡᠨ ᠠᠪᠤᠷᠠᠯᠲᠠ ᠶᠢᠨ ᠲᠡᠷᠭᠡ ᠲᠦᠷᠭᠡᠨ ᠡᠮᠨᠡᠯᠭᠡ ᠶᠢᠨ ᠬᠤᠷᠢᠶᠠᠨ ᠳᠤ ᠬᠦᠷᠴᠦ᠂ | ᠪᠣᠭᠤᠮᠲᠠ ᠪᠠᠷ ᠥᠩᠭᠡᠷᠡᠬᠦ ᠪᠥᠬᠦ ᠶᠠᠪᠤᠴᠠ ᠳᠤ ᠵᠥᠪᠬᠡᠨ 10 ᠮᠢᠨᠦ᠋ᠲ ᠬᠡᠷᠡᠭᠯᠡᠵᠦ᠂ ᠡᠪᠡᠳᠴᠢᠲᠡᠨ ᠢ ᠠᠪᠤᠷᠠᠨ ᠵᠠᠰᠠᠬᠤ ᠳᠤ | ᠡᠷᠬᠢᠮ ᠨᠠᠨᠳᠢᠨ ᠴᠠᠭ ᠣᠯᠭᠤᠪᠠ᠃ | ᠣᠳᠣᠬᠠᠨ ᠳᠤ᠂ ᠡᠪᠡᠳᠴᠢᠲᠡᠨ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠳᠤ ᠤᠯᠠᠮ ᠨᠢᠭᠡ ᠠᠯᠬᠤᠮ ᠡᠮᠨᠡᠨ | ᠵᠠᠰᠠᠵᠤ ᠪᠠᠶᠢᠨ᠎ᠠ᠃ |