︽ᠡᠷᠢᠶᠡᠨ ᠬᠤᠲᠠ ᠶᠢᠨ ︿ᠵᠢᠭᠤᠯᠴᠢᠯᠠᠯ ᠤᠨ N ᠪᠠᠶᠢᠬᠤ︾ ᠲᠤᠬᠠᠢ ᠬᠡᠷᠡᠭᠵᠢᠭᠦᠯᠬᠦ ᠲᠥᠰᠦᠯ︾ ᠤᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/5/29
     ︽ᠲᠥᠰᠦᠯ︾ ᠪᠣᠯ ᠰᠢᠯᠢ ᠶᠢᠨ ᠭᠤᠤᠯ ᠠᠶᠢᠮᠠᠭ ᠤᠨ ︽ᠠᠭᠠᠷ ᠲᠤ ᠴᠥᠮ ᠵᠢᠭᠤᠯᠴᠢᠯᠠᠯ ᠤᠨ ᠦᠨᠦᠷ ᠠᠮᠲᠠ ᠪᠦᠷᠬᠦᠵᠦ ᠪᠠᠶᠢᠨ᠎ᠠ︾ ᠭᠡᠬᠦ ᠵᠢᠭᠠᠪᠤᠷᠢ ᠶᠢᠨ ᠪᠣᠳᠠᠲᠠᠶ ᠠᠷᠭ᠎ᠠ ᠬᠡᠮᠵᠢᠶ᠎ᠡ ᠮᠥᠨ᠂ ᠵᠤᠭᠠᠴᠠᠭᠰᠠᠳ ᠢᠶᠠᠷ ᠭᠤᠤᠯ ᠪᠣᠯᠭᠠᠵᠤ᠂ ᠵᠤᠭᠠᠴᠠᠭᠰᠠᠳ ᠤᠨ ᠬᠠᠷᠠᠭᠠᠰᠤ ᠪᠠ ᠪᠡᠶᠡᠴᠢᠯᠡᠨ ᠣᠶᠢᠯᠠᠭᠠᠬᠤ ᠬᠠᠷᠠᠭᠠᠰᠤ ᠠᠴᠠ ᠵᠢᠭᠤᠯᠴᠢᠯᠠᠭᠰᠠᠳ ᠢ ᠡᠷᠢᠶᠡᠨ ᠬᠤᠲᠠ ᠳᠤ ᠦᠵᠡᠵᠦ ᠰᠣᠨᠣᠰᠤᠭᠰᠠᠨ ᠪᠥᠭᠡᠳ ᠲᠥᠷᠥᠭᠳᠡᠯ ᠢᠶᠠᠨ ᠰᠣᠯᠢᠯᠴᠠᠵᠤ᠂ ︽ᠢᠳᠡᠵᠦ ᠤᠤᠭᠤᠬᠤ ᠶᠠᠪᠤᠵᠤ ᠰᠠᠭᠤᠬᠤ ᠵᠤᠭᠠᠴᠠᠨ ᠬᠤᠳᠠᠯᠳᠤᠬᠤ ᠵᠤᠭ᠎ᠠ ᠴᠡᠩᠭᠡᠯ︾ ᠭᠡᠬᠦ ᠵᠢᠭᠤᠯᠴᠢᠯᠠᠯ ᠤᠨ ᠬᠦᠴᠦᠨ ᠵᠦᠢᠯ ᠤᠨ ᠥᠩᠭᠡᠷᠡᠯᠲᠡ ᠶᠢ ᠭᠦᠨᠵᠡᠭᠡᠶ ᠪᠣᠳᠣᠯᠬᠢᠯᠠᠵᠤ᠂ ᠬᠡᠷ ᠤᠨ ᠭᠠᠳᠠᠨ᠎ᠠ᠂ ᠬᠡᠷ ᠳᠣᠲᠣᠷ᠎ᠠ᠂ ᠰᠦᠯᠵᠢᠶᠡᠨ ᠳᠡᠭᠡᠷᠡᠬᠢ ᠭᠤᠷᠪᠠᠨ ᠶᠡᠭᠡ ᠠᠬᠤᠶ ᠪᠠᠶᠢᠳᠠᠯ ᠢ ᠴᠤᠭᠯᠠᠭᠤᠯᠤᠨ ᠡᠮᠬᠢᠳᠬᠡᠵᠡᠢ᠃    ᠨᠢᠭᠡ᠂ ᠭᠡᠷ ᠤᠨ ᠭᠠᠳᠠᠨᠠᠬᠢ ᠦᠵᠡᠭᠳᠡᠯ    ᠵᠤᠭᠠᠴᠠᠭᠰᠠᠳ ᠲᠤ ᠬᠤᠲᠠ ᠳᠣᠲᠣᠷᠠᠬᠢ ᠵᠤᠭᠠᠴᠠᠯ ᠤᠨ ᠠᠭᠤᠷ ᠠᠮᠢᠰᠬᠤᠯ ᠢ ᠮᠡᠳᠡᠷᠡᠭᠦᠯᠬᠦ ᠶᠢᠨ ᠳᠣᠯᠠᠳᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠤᠷᠢᠶ᠎ᠠ ᠯᠣᠽᠦ᠋ᠩ᠂ ᠵᠠᠷ ᠪᠠᠶᠢᠳᠠᠭ᠂ ᠬᠤᠲᠠ ᠶᠢᠨ ᠳᠣᠲᠣᠷᠠᠬᠢ ᠵᠠᠮ ᠳᠡᠭᠡᠷ᠎ᠡ ᠤᠷᠢᠶ᠎ᠠ ᠯᠣᠽᠦ᠋ᠩ ᠲᠠᠢ᠂ ᠤᠬᠠᠭᠤᠯᠭ᠎ᠠ ᠲᠠᠢ ᠪᠤᠯᠭᠠᠨ᠎ᠠ᠃ ᠥᠪᠡᠰᠦᠪᠡᠨ ᠲᠡᠷᠭᠡ ᠵᠢᠯᠣᠭᠤᠳᠤᠭᠰᠠᠨ ᠵᠢᠭᠤᠯᠴᠢᠯᠠᠭᠴᠢᠳ ᠲᠤ ᠴᠢᠭᠯᠡᠭᠦᠯᠦᠨ᠂ ᠵᠠᠮ ᠳᠠᠭᠠᠤ ᠲᠡᠮᠳᠡᠭ ᠲᠠᠢ᠂ ᠵᠠᠷ ᠮᠡᠳᠡᠭᠡ ᠲᠠᠢ︔ ᠵᠠᠮ ᠳᠠᠭᠠᠤ ᠶᠢᠨ ᠦᠵᠡᠮᠵᠢ ᠶᠢ ᠭᠤᠶᠣᠯᠠᠵᠤ᠂ ᠴᠢᠮᠡᠭᠯᠡᠯ ᠲᠠᠢ ᠪᠣᠯᠭᠠᠨ᠎ᠠ᠃    ᠦᠵᠡᠮᠵᠢ ᠶᠢᠨ ᠣᠷᠣᠨ ᠳᠤ ᠤᠷᠤᠭᠰᠠᠨ ᠤ ᠳᠠᠷᠠᠭ᠎ᠠ᠂ ᠵᠤᠭᠠᠴᠠᠭᠰᠠᠳ ᠤᠨ ᠦᠢᠯᠡᠴᠢᠯᠡᠭᠡᠨ ᠤ ᠣᠶᠢᠯᠠᠭᠠᠯᠲᠠ ᠶᠢ ᠪᠣᠳᠣᠯᠬᠢᠯᠠᠵᠤ᠂ ᠵᠤᠭᠠᠴᠠᠭᠰᠠᠳ ᠤᠨ ᠬᠡᠷᠡᠭᠯᠡᠭᠡᠨ ᠤ ᠬᠡᠷᠡᠭᠴᠡᠭᠡ ᠶᠢ ᠬᠠᠩᠭᠠᠵᠤ᠂ ᠦᠵᠡᠮᠵᠢ ᠶᠢᠨ ᠣᠷᠣᠨ ᠢ ᠬᠥᠲᠥᠯᠥᠨ ᠳᠠᠭᠠᠭᠤᠯᠵᠤ᠂ ᠲᠠᠶᠢᠯᠪᠤᠷᠢᠯᠠᠬᠤ ᠶᠢ ᠳᠤᠷᠠᠳᠪᠠ︔ ᠭᠤᠣᠯᠳᠠᠯᠭ᠎ᠠ ᠲᠠᠢ ᠦᠵᠡᠮᠵᠢ ᠶᠢᠨ ᠣᠷᠣᠨ ᠳᠤ ᠡᠵᠡᠩᠨᠡᠯᠲᠡ ᠶᠢᠨ ᠬᠡᠯᠪᠡᠷᠢ ᠲᠠᠢ︔ ᠵᠤᠭᠠᠴᠠᠭᠰᠠᠳ ᠤᠨ ᠲᠥᠪ ᠤᠨ ᠦᠢᠯᠡᠴᠢᠯᠡᠭᠡ ᠨᠢ ᠪᠠᠷᠢᠮᠵᠢᠶᠠᠵᠢᠭᠰᠠᠨ ᠶᠠᠪᠤᠴᠠ ᠲᠠᠢ︔ ᠦᠵᠡᠮᠵᠢ ᠶᠢᠨ ᠣᠷᠣᠨ ᠤ ᠳᠣᠲᠣᠷᠠᠬᠢ ᠵᠠᠮ ᠰᠠᠨᠠᠭᠤᠯᠤᠮᠵᠢ ᠲᠠᠢ᠂ ᠵᠠᠮ ᠲᠠᠢ︔ ᠭᠤᠣᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ ᠤᠨ ᠪᠦᠲᠦᠭᠡᠭᠳᠡᠬᠦᠨ ᠳᠤ ᠭᠠᠵᠠᠷ ᠠᠪᠣᠯᠭ᠎ᠠ ᠶᠢᠨ ᠵᠢᠷᠤᠭ ᠲᠠᠢ᠂ ᠪᠠᠶᠢᠯᠳᠤᠬᠤ ᠪᠣᠳᠣᠯᠭ᠎ᠠ ᠲᠠᠢ ᠪᠠᠶᠢᠬᠤ ᠶᠢ ᠳᠤᠷᠠᠳᠪᠠ᠃    ᠬᠤᠶᠠᠷ᠂ ᠭᠡᠷ ᠳᠣᠲᠣᠷᠠᠬᠢ ᠠᠬᠤᠶ ᠪᠠᠶᠢᠳᠠᠯ    ᠢᠳᠡᠭᠡᠨ ᠤᠮᠳᠠᠭᠠᠨ᠂ ᠵᠣᠴᠢᠳ ᠤᠨ ᠪᠠᠭᠤᠳᠠᠯ ᠪᠠ ᠮᠠᠯᠴᠢᠨ ᠡᠷᠦᠬᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠳᠡᠭᠡᠭᠰᠢᠯᠡᠭᠦᠯᠬᠦ ᠠᠵᠢᠯᠯᠠᠭ᠎ᠠ ᠳᠠᠷᠤᠢ ᠲᠣᠭᠤᠭᠠᠨ ᠭᠡᠷ ᠢ ᠢᠯᠡ ᠪᠠᠶᠢᠯᠭᠠᠬᠤ᠂ ᠭᠠᠵᠠᠷ ᠤᠨ ᠵᠢᠷᠤᠭ ᠢ ᠰᠢᠢᠳᠪᠦᠷᠢᠯᠡᠬᠦ ᠠᠷᠭ᠎ᠠ ᠪᠣᠳᠣᠯᠭ᠎ᠠ᠂ ᠵᠢᠭᠤᠯᠴᠢᠯᠠᠯ ᠤᠨ ᠲᠠᠨᠢᠯᠴᠠᠭᠤᠯᠭ᠎ᠠ ᠬᠢᠵᠦ᠂ ᠵᠤᠭᠠᠴᠠᠭᠰᠠᠳ ᠲᠤ ᠢᠳᠡᠭᠡᠨ ᠤᠮᠳᠠᠭᠠᠨ ᠤ ᠲᠠᠯᠠᠪᠤᠷ ᠲᠤ ᠵᠢᠭᠤᠯᠴᠢᠯᠠᠯ ᠤᠨ ᠠᠭᠤᠷ ᠠᠮᠢᠰᠬᠤᠯ ᠢ ᠮᠡᠳᠡᠷᠡᠭᠦᠯᠦᠨ᠎ᠡ᠃    ᠬᠤᠲᠠ ᠳᠣᠲᠣᠷᠠᠬᠢ ᠬᠤᠳᠠᠯᠳᠤᠭᠠᠨ ᠤ ᠴᠢᠯᠦᠭᠡᠳᠦ ᠳᠡᠯᠭᠡᠭᠦᠷ ᠲᠤ ᠰᠣᠶᠣᠯ ᠤᠨ ᠡᠭᠦᠳᠦᠯᠲᠡ ᠶᠢᠨ ᠳᠣᠰᠬᠠᠢ ᠯᠠᠩᠬᠦᠢ ᠪᠠᠶᠢᠬᠤ ᠬᠡᠷᠡᠭᠳᠠᠢ᠃ ᠪᠠᠷᠠᠭ᠎ᠠ ᠬᠤᠳᠠᠯᠳᠤᠨ ᠠᠪᠬᠤ ᠲᠠᠯᠠᠪᠤᠷ ᠪᠣᠯ ᠵᠤᠭᠠᠴᠠᠭᠰᠠᠳ ᠤᠨ ᠵᠠᠪᠠᠯ ᠥᠩᠭᠡᠷᠡᠬᠦ ᠭᠠᠵᠠᠷ ᠮᠥᠨ᠂ ᠲᠥᠰᠦᠯ ᠳᠤ ᠨᠢᠰᠬᠡᠯ ᠤᠨ ᠪᠠᠭᠤᠳᠠᠯ᠂ ᠦᠵᠡᠮᠵᠢ ᠶᠢᠨ ᠣᠷᠣᠨ᠂ ᠵᠤᠭᠠᠴᠠᠭᠰᠠᠳ ᠲᠤ ᠦᠢᠯᠡᠴᠢᠯᠡᠬᠦ ᠲᠥᠪ ᠲᠤ ᠰᠣᠶᠣᠯ ᠤᠨ ᠡᠭᠦᠳᠦᠯᠲᠡ ᠶᠢᠨ ᠲᠠᠸᠠᠷ ᠤᠨ ᠲᠤᠰᠬᠠᠶ ᠯᠠᠩᠭᠦᠶ ᠨᠡᠭᠡᠭᠡᠵᠦ᠂ ᠵᠢᠭᠤᠯᠴᠢᠯᠠᠯ ᠤᠨ ᠪᠦᠲᠦᠭᠡᠭᠳᠡᠬᠦᠨ ᠤ ᠢᠯᠡᠴᠢᠯᠡᠬᠦ ᠨᠣᠷᠮ᠎ᠠ ᠶᠢ ᠨᠡᠮᠡᠭᠳᠡᠭᠦᠯᠦᠨ᠎ᠡ ᠭᠡᠵᠦ ᠳᠤᠷᠠᠳᠪᠠ᠃    ᠭᠤᠷᠪᠠ᠂ ᠰᠦᠯᠵᠢᠶᠡᠨ ᠳᠡᠭᠡᠷᠡᠬᠢ ᠪᠠᠶᠢᠳᠠᠯ    ᠭᠠᠷ ᠤᠲᠠᠰᠤᠨ ᠤ ᠦᠢᠯᠡᠳᠦᠯ ᠳᠤ ᠴᠢᠭᠯᠡᠭᠦᠯᠦᠨ᠂ ᠲᠥᠰᠦᠯ ᠳᠤ ᠳᠤᠷᠠᠳᠤᠭᠰᠠᠨ ᠨᠢ᠂ ᠰᠢᠨ᠎ᠡ ᠵᠠᠭᠤᠴᠢᠯᠠᠭᠤᠷ ᠤᠨ ᠤᠬᠠᠭᠤᠯᠭ᠎ᠠ ᠶᠢ ᠵᠢᠭᠰᠠᠭᠠᠯ ᠤᠨ ᠭᠠᠵᠠᠷ ᠲᠠᠢ︔ ᠰᠦᠯᠵᠢᠶᠡᠨ ᠳᠡᠭᠡᠷ᠎ᠡ ᠠᠷᠭ᠎ᠠ ᠪᠣᠳᠣᠯᠭ᠎ᠠ ᠲᠠᠢ᠂ ᠵᠢᠯᠣᠭᠤᠳᠣᠯᠭ᠎ᠠ ᠲᠠᠢ᠂ ᠡᠭᠦᠳᠡᠨ ᠪᠢᠯᠧᠲ ᠪᠣᠶ︔ ᠬᠢᠯᠢ ᠪᠠᠷ ᠣᠷᠣᠵᠤ ᠢᠷᠡᠬᠦ ᠶᠢ ᠤᠭᠲᠤᠬᠤ ᠣᠬᠤᠷ ᠮᠡᠳᠡᠭᠡ ᠲᠠᠢ᠂ ᠬᠠᠯᠠᠭᠤᠨ ᠳᠣᠲᠣᠨᠣ ᠰᠠᠨᠠᠭᠤᠯᠤᠮᠵᠢ ᠲᠠᠢ︔ ᠵᠠᠮᠴᠢᠯᠠᠭ᠎ᠠ ᠶᠢᠨ ᠲᠡᠮᠳᠡᠭ ᠲᠠᠢ ᠶᠤᠮ᠃ ᠲᠧᠯᠸᠢᠰ ᠤᠨ ᠦᠵᠦᠭᠦᠷ ᠲᠤ ᠴᠢᠭᠯᠡᠭᠦᠯᠦᠨ᠂ ᠲᠥᠰᠥᠯ ᠳᠤ ᠲᠧᠯᠸᠢᠰ ᠳᠡᠭᠡᠷ᠎ᠡ ᠴᠡᠭᠡᠨ ᠬᠥᠰᠢᠭᠡ ᠵᠢᠷᠤᠭ ᠪᠠᠶᠢᠬᠤ ᠬᠡᠷᠡᠭᠳᠠᠢ᠃
 
ᠢᠷᠡᠯᠲᠡ᠄ ᠡᠷᠢᠶᠡᠨ ᠬᠤᠳᠠ ᠶᠢᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号